3 ᠰᠠᠷ᠎ᠠ ᠶᠢᠨ 24 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ | ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ | ᠬᠤᠷᠠᠯᠳᠤᠪᠠ᠃ | | | ᠬᠤᠷᠠᠯ ᠠᠴᠠ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠥᠮᠦᠵᠢᠯ ᠴᠡᠭᠴᠡᠯᠡᠯᠲᠡ ᠶᠢ | ᠥᠷᠨᠢᠭᠦᠯᠦᠭᠰᠡᠨ ᠪᠠᠶᠢᠳᠠᠯ ᠪᠣᠯᠤᠨ《 ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠶᠢᠨ ᠠᠩᠬᠠᠳᠤᠭᠠᠷ ᠬᠠᠮᠲᠤᠷᠠᠭᠰᠠᠨ ᠬᠤᠷᠠᠯ 》 ᠤᠨ ᠬᠠᠮᠢᠶ᠎ᠠ ᠪᠦᠬᠦᠢ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃ ᠴᠡᠭᠡᠯ ᠠᠭᠤᠯᠠ | ᠪᠠᠯᠭᠠᠰᠤ᠂ ᠰᠢᠨᠬᠤᠸᠠ ᠵᠡᠭᠡᠯᠢ ᠭᠤᠳᠤᠮᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠲᠣᠰ ᠨᠢᠭᠡᠴᠢ | ᠶᠢᠨ ᠢᠶᠠᠨ ᠬᠥᠮᠦᠵᠢᠯ ᠴᠡᠭᠴᠡᠯᠡᠯᠲᠡ ᠶᠢᠨ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠪᠠᠰᠠ | ᠤᠶᠢᠷ᠎ᠠ ᠶᠢᠨ ᠬᠤᠭᠤᠴᠠᠭᠠᠨ ᠤ ᠠᠵᠢᠯ ᠢ ᠪᠠᠢᠷᠢᠯᠠᠭᠤᠯᠵᠠᠢ᠃ | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ | ᠶᠢᠨ ᠬᠥᠮᠦᠵᠢᠯ ᠴᠡᠭᠴᠡᠯᠡᠯᠲᠡ ᠶᠢᠨ ᠠᠵᠢᠯ ᠶᠠᠭ ᠯᠠᠪᠳᠠᠭᠤᠨ ᠢᠶᠠᠷ ᠠᠬᠢᠵᠥ ᠪᠠᠶᠢᠨ᠎ᠠ᠂ ᠡᠯ᠎ᠡ ᠰᠠᠯᠠᠭ᠎ᠠ ᠮᠥᠴᠢᠷ | ᠨᠢᠭᠡᠴᠢ ᠶᠢᠨ ᠬᠢᠨ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ | ᠱᠠᠳᠤ ᠱᠠᠳᠤ ᠪᠠᠷ ᠳᠠᠷᠤᠯᠲᠠ ᠥᠭᠴᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ | ᠬᠡᠷᠡᠭᠲᠡᠢ ᠭᠡᠵᠤ ᠵᠢᠭᠠᠵᠠᠢ᠃ | ᠬᠤᠷᠠᠯ ᠠᠴᠠ ᠱᠠᠭᠠᠷᠳᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ | ᠨᠢᠭᠡᠴᠢ ᠶᠢᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠱᠠᠳᠤᠴᠢ ᠴᠢᠨᠠᠷᠲᠠᠢ ᠠᠵᠢᠯ ᠤᠨ | ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠥᠷᠨᠢᠭᠦᠯᠬᠦ ᠶᠢᠨ ᠲᠤᠶᠢᠯ ᠤᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠡᠨᠡ | ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠤᠬᠠᠮᠰᠠᠷ ᠠᠴᠠ ᠪᠠᠨ ᠴᠢᠩᠭ᠎ᠠ ᠪᠥᠭᠡᠳ ᠪᠣᠳᠠᠲᠠᠢ ᠠᠳᠬᠤᠬᠤ | ᠬᠡᠷᠡᠭᠲᠡᠢ᠃ ᠠᠵᠢᠯ ᠤᠨ ᠬᠢᠯᠠᠰ ᠴᠡᠭ ᠢ ᠳᠣᠪᠣᠶᠢᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ | ᠥᠬᠡᠶ ᠬᠤᠪᠢᠷᠠᠭᠤᠯᠬᠤ ᠬᠡᠷᠡᠭᠲᠡᠶ᠃ ᠣᠳᠣᠬᠠᠨ ᠤ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ | ᠪᠠᠭᠠᠲᠤᠷ ᠵᠢᠱᠢᠶᠡᠴᠢ ᠶᠢᠨ ᠬᠥᠮᠦᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ | ᠶᠢ ᠴᠢᠩᠭᠠᠳᠬᠠᠵᠤ᠂ ᠤᠬᠠᠭᠤᠯᠭ᠎ᠠ ᠶᠢᠨ ᠪᠦᠷᠬᠦᠴᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ 《ᠨᠢᠭᠡ ᠡᠳᠦᠷ | ᠲᠤ ᠨᠢᠭᠡ ᠮᠡᠳᠡᠭᠦᠯᠬᠦ᠂ ᠨᠢᠭᠡ ᠭᠠᠷᠠᠭ ᠲᠤ ᠨᠢᠭᠡ ᠴᠤᠭᠯᠠᠭᠤᠯᠬᠤ》ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ | ᠬᠠᠷᠢᠯᠴᠠᠨ ᠨᠡᠪᠲᠡᠷᠡᠯᠴᠡᠵᠦ ᠰᠣᠯᠢᠯᠴᠠᠬᠤ ᠶᠢ ᠴᠢᠩᠭᠠᠳᠬᠠᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ | ᠰᠠᠯᠠᠭ᠎ᠠ ᠮᠥᠴᠢᠷ ᠪᠣᠯᠤᠨ ᠪᠠᠯᠭᠠᠰᠤ ( ᠵᠡᠭᠡᠯᠢ ᠭᠤᠳᠤᠮᠵᠢ ) ᠶᠢᠨ ᠬᠥᠮᠦᠵᠢᠯ ᠴᠡᠭᠴᠡᠯᠡᠯᠲᠡ ᠶᠢᠨ 《 ᠠᠵᠢᠯ ᠢ | ᠠᠳᠬᠤᠬᠤ ᠬᠥᠮᠦᠨ ᠲᠠᠢ᠂ ᠪᠠᠶᠢᠳᠠᠯ ᠢ ᠪᠠᠶᠢᠴᠠᠭᠠᠬᠤ ᠬᠥᠮᠦᠨ ᠲᠠᠢ᠂ ᠦᠷ᠎ᠡ ᠳ᠋ᠦᠩ ᠢ ᠬᠠᠮᠢᠶᠠᠷᠬᠤ ᠬᠥᠮᠦᠨ ᠲᠠᠢ | 》 ᠪᠠᠶᠢᠬᠤ ᠶᠢ ᠦᠨᠡᠨᠬᠦ ᠪᠠᠲᠤᠯᠠᠵᠤ᠂ ᠬᠥᠮᠦᠵᠢᠯ ᠴᠡᠭᠴᠡᠯᠡᠯᠲᠡ ᠶᠢᠨ ᠠᠵᠢᠯ ᠤᠨ ᠪᠣᠳᠠᠲᠤ ᠦᠷ᠎ᠡ ᠪᠦᠲᠦᠮᠵᠢᠲᠦ | ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ | ᠬᠢᠵᠦ᠂ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠡᠷᠡᠭᠵᠢᠭᠦᠯᠬᠦ ᠶᠢ ᠬᠦᠴᠦᠲᠡᠢ | ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠦᠨᠡᠨ ᠬᠦ ᠬᠥᠮᠦᠵᠢᠭᠦᠯᠦᠨ ᠴᠡᠭᠴᠡᠯᠡᠬᠦ ᠡᠯ᠎ᠡ ᠲᠠᠯ᠎ᠠ᠂ ᠪᠦᠬᠦ ᠶᠠᠪᠤᠴᠠ | ᠳᠤ ᠲᠤᠭᠤᠰᠢᠯᠠᠭᠤᠯᠬᠤ ᠬᠡᠷᠡᠭᠲᠡᠢ ᠭᠡᠵᠠᠢ᠃ |