ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠎ ᠤᠨ ᠴᠡᠭᠴᠡᠯᠡᠯᠲᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/29
     3 ᠰᠠᠷ᠎ᠠ ᠶᠢᠨ 25᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠎ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠢᠯᠠᠩ ᠤᠨ ᠳᠡᠳ᠋ ᠳᠠᠷᠤᠭ᠎ᠠ;  ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠬᠦ ᠪᠦᠷᠢᠯᠳᠦᠬᠦᠨ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂  ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠰᠠᠯᠠᠭᠠᠨ ᠠᠴᠠ ᠳᠡᠭᠡᠭᠰᠢᠬᠢ ᠺᠠᠳ᠋ᠷ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠤᠯᠤᠰ ᠲᠦᠷᠦ ᠬᠠᠤᠯᠢ ᠴᠠᠭᠠᠵᠠ ᠎ ᠶᠢᠨ ᠵᠥᠪᠯᠡᠯ ᠤᠨ ᠬᠤᠷᠠᠯ ᠳᠤ ᠣᠷᠣᠯᠴᠠᠵᠤ ᠰᠣᠨᠣᠰᠴᠠᠢ᠃
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠶᠯᠡ ᠠᠵᠢᠯᠯᠠᠭ᠎ᠠ ᠶᠢᠨ ᠤᠬᠠᠭᠤᠯᠭ᠎ᠠ ᠶᠢᠨ ᠹᠢᠯᠢᠮ ᠢ ᠦᠵᠡᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯᠲᠠᠳ ᠤᠨ ᠦᠨᠡᠨᠴᠢ ᠰᠢᠳᠤᠷᠭᠤ ᠡᠭᠦᠷᠭᠡ ᠬᠠᠷᠢᠭᠤᠴᠠᠯᠭ᠎ᠠ᠂ ᠠᠷᠠᠳ ᠤᠨ ᠲᠥᠯᠥᠭᠡ ᠬᠠᠤᠯᠢ ᠪᠠᠷᠢᠭᠰᠠᠨ ᠨᠡᠶᠢᠲᠡᠯᠢᠭ ᠦᠶᠯᠡ ᠠᠵᠢᠯᠯᠠᠭ᠎ᠠ ᠪᠣᠯᠤᠨ ᠰᠠᠶᠢᠨ ᠰᠠᠶᠢᠬᠠᠨ ᠳᠦᠷᠰᠦ ᠪᠠᠶᠢᠳᠠᠯ ᠢ ᠭᠦᠶᠴᠡᠳ ᠢᠯᠡᠷᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠠᠳᠠᠯᠢ ᠪᠤᠰᠤ ᠹᠷᠣᠨᠲ ᠤᠨ 4 ᠨᠥᠬᠦᠳ ᠪᠣᠷᠣᠭᠵᠢᠭᠤᠨ ᠦᠭᠡ ᠬᠡᠯᠡ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠥᠪᠡᠷ ᠤᠨ ᠠᠵᠢᠯ ᠲᠠᠢ ᠪᠠᠨ ᠤᠶᠠᠯᠳᠤᠭᠤᠯᠵᠤ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠲᠠᠯ᠎ᠠ ᠎ ᠠᠴᠠ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠠᠷᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠨ ᠦᠭᠡ ᠳᠠᠭᠤᠨ ᠦᠭᠡᠢ᠂ ᠨᠡᠷ᠎ᠡ ᠠᠰᠢᠭ ᠢ ᠦᠯᠦ ᠬᠥᠭᠡᠭᠡᠴᠡᠯᠳᠦᠬᠦ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠭᠡᠷᠡᠯ ᠰᠠᠴᠤᠷᠠᠩᠭᠤᠢ ᠲᠦᠷᠢ ᠲᠥᠷᠬᠦ ᠶᠢ ᠲᠥᠪᠯᠡᠷᠡᠭᠦᠯᠦᠨ ᠢᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠪᠦᠬᠦ ᠺᠠᠳ᠋ᠷ ᠴᠠᠭᠳᠠᠭ᠎ᠠ ᠨᠠᠷ ᠲᠤ ᠰᠤᠷᠤᠯᠴᠠᠬᠤ ᠦᠯᠢᠭᠡᠷ ᠳᠠᠭᠤᠷᠢᠶᠠᠯ ᠢ ᠪᠤᠢ ᠪᠣᠯᠭᠠᠵᠠᠢ᠃ ᠭᠤᠶᠢᠳᠠ ᠰᠠᠶᠢᠬᠠᠨ ᠮᠡᠳᠡᠭᠦᠯᠦᠯᠲᠡ ᠨᠢ ᠠᠬᠤᠢ ᠲᠠᠯᠠᠪᠠᠢ ᠎ ᠶᠢᠨ ᠰᠤᠨᠤᠰᠤᠭᠴᠢᠳ ᠤᠨ ᠴᠢᠩᠭ᠎ᠠ ᠲᠤᠰᠬᠠᠯ ᠢ ᠣᠯᠵᠤ᠂ ᠬᠠᠯᠠᠭᠤᠨ ᠠᠯᠠᠭ᠎ᠠ ᠲᠠᠰᠢᠯᠳᠠ ᠶᠢ ᠤᠯᠪᠠ᠃      ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠪᠣᠯᠤᠨ ᠤᠯᠤᠰ ᠲᠦᠷᠦ ᠬᠠᠤᠯᠢ ᠴᠠᠭᠠᠵᠠ ᠎ ᠶᠢᠨ ᠪᠦᠬᠦ ᠺᠠᠳ᠋ᠷ ᠴᠠᠭᠳᠠᠭ᠎ᠠ ᠨᠠᠷ᠂ ᠲᠤᠰ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠪᠠᠭᠠᠲᠤᠷ ᠵᠢᠱᠢᠶᠡᠴᠢ ᠠᠴᠠ ᠰᠤᠷᠤᠯᠴᠠᠵᠤ᠂ ᠲᠡᠷᠢᠭᠦᠨ ᠤ ᠪᠣᠯᠬᠤ ᠪᠠᠷ ᠴᠢᠷᠮᠠᠶᠢᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠤ ᠢᠲᠡᠭᠡᠭᠦᠰᠢᠲᠡᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠪᠣᠯᠬᠤ ᠪᠠᠷ ᠴᠢᠷᠮᠠᠶᠢᠵᠤ᠂ ᠨᠡᠩ ᠪᠠᠲᠤ ᠴᠢᠩᠭ᠎ᠠ ᠢᠲᠡᠭᠡᠯ ᠵᠣᠷᠢᠭ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠪᠡᠯᠡᠭ ᠬᠦᠷᠭᠡᠬᠦ ᠬᠡᠷᠡᠭᠲᠡᠢ ᠭᠡᠵᠦ ᠢᠯᠡᠳᠬᠡᠵᠡᠭᠡᠪᠡ᠃      ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠎ ᠶᠢᠨ ᠬᠠᠤᠯᠢ ᠪᠠᠷᠢᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠯᠢᠭᠡᠷ ᠳᠠᠭᠤᠷᠢᠶᠠᠯ ᠪᠣᠯᠭᠠᠵᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯᠴᠢ ᠬᠥᠳᠡᠯᠮᠦᠷᠢᠴᠢ ᠪᠠᠷ ᠬᠤᠪᠢ ᠨᠡᠮᠡᠷᠢ ᠦᠵᠡᠭᠦᠯᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠬᠤ ᠠᠰᠠᠭᠤᠳᠠᠯ᠂ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ᠤᠯᠤᠰ ᠲᠦᠷᠦ ᠬᠠᠤᠯᠢ ᠴᠠᠭᠠᠵᠠ ᠶᠢᠨ ᠪᠦᠬᠦ ᠺᠠᠳ᠋ᠷ ᠴᠠᠭᠳᠠᠭ᠎ᠠ ᠨᠠᠷ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠬᠠᠶᠢᠯᠠᠭᠰᠠᠨ ᠠᠵᠢᠯ ᠤᠨ ᠢᠷᠠᠭᠤ ᠠᠯᠳᠠᠷᠲᠤ ᠰᠡᠳᠬᠢᠯᠭᠡ ᠪᠣᠯᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠵᠢᠯᠴᠢ ᠬᠢᠴᠢᠶᠡᠩᠭᠦᠢ᠂ ᠯᠠᠪᠳᠠᠭᠤᠨ ᠪᠠᠲᠤᠲᠠᠢ ᠪᠠᠷ ᠠᠵᠢᠯ ᠨᠢᠭᠡᠪᠦᠷᠢ ᠪᠠᠨ ᠰᠠᠶᠢᠲᠤᠷ ᠬᠢᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠎ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠎ ᠶᠢ《 ᠰᠣᠩᠭᠤᠬᠤ᠂ ᠬᠥᠮᠦᠵᠢᠭᠦᠯᠬᠦ᠂ ᠪᠤᠢ ᠪᠣᠯᠭᠠᠬᠤ᠂ ᠬᠠᠮᠢᠶᠠᠷᠬᠤ》ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ᠂ ᠲᠡᠷᠢᠭᠦᠨ ᠤ ᠬᠢ ᠶᠢ ᠭᠦᠢᠴᠡᠨ ᠳᠠᠪᠠᠵᠤ ᠭᠠᠷᠬᠤ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠰᠠᠶᠢᠨ᠂ ᠬᠠᠤᠯᠢ ᠶᠢ ᠲᠥᠪ ᠭᠤᠣᠯᠴᠢ ᠪᠠᠷ ᠬᠡᠷᠡᠭᠵᠢᠭᠦᠯᠬᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号