ᠬᠠᠶᠢᠷᠤᠪ ᠤᠨ ᠲᠣᠬᠤᠢ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2021/3/30
     3 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠎ ᠶᠢᠨ ᠵᠥᠪᠯᠡᠯ ᠠᠴᠠ ᠭᠤᠣᠯᠯᠠᠨ ᠡᠷᠬᠢᠯᠡᠭᠰᠡᠨ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠪᠣᠯᠪᠠᠰᠤᠷᠠᠯ ᠤᠨ ᠠᠩᠬᠢ ᠬᠢᠴᠢᠶᠡᠯ ᠡᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠭᠤᠤᠯ ᠠᠭᠤᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠬᠤ ᠪᠠ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠶᠠᠪᠤᠳᠠᠯ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠪᠠᠭ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷ᠂ ᠲᠠᠰᠤᠭ᠂ ᠭᠠᠵᠠᠷ᠂ ᠠᠩᠬᠢ᠂ ᠲᠢᠩᠬᠢᠮ ᠤᠨ ᠳᠠᠷᠤᠭ᠎ᠠ ᠶᠢᠨ ᠵᠢᠩᠬᠢᠨᠢ ᠳᠡᠳ᠋ ᠲᠤᠰᠢᠶᠠᠯ᠂ ᠵᠢᠭᠠᠨ ᠵᠢᠯᠤᠭᠤᠳᠤᠬᠴᠢ ᠵᠢᠴᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠪᠣᠯᠪᠠᠰᠤᠷᠠᠯ ᠳᠤ ᠣᠷᠣᠯᠴᠠᠪᠠ᠃
      ᠪᠣᠯᠪᠠᠰᠤᠷᠠᠯ ᠤᠨ ᠠᠩᠭᠢ ᠳᠤ᠂ ᠦᠬᠠᠶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠲᠤᠬᠠᠶ ᠲᠠᠶᠢᠯᠤᠮᠵᠢ ᠬᠢᠪᠠ᠃ ᠦᠬᠠᠶ ᠬᠤᠲᠠ ᠎ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠪᠠ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠬᠠᠶᠢᠷᠤᠪ ᠎ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠎ ᠤᠨ ᠭᠡᠰᠢᠭᠦᠨ ᠺᠠᠳ᠋ᠷ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠬᠤ ᠬᠡᠷᠡᠭᠲᠡᠢ ᠭᠡᠵᠠᠢ᠃
     ᠲᠤᠰ ᠡᠳᠦᠷ ᠤᠨ ᠦᠳᠡ ᠶᠢᠨ ᠬᠤᠶᠢᠨ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠨᠠᠷ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠤᠯᠪᠣᠭᠳᠠᠯ ᠪᠦᠬᠦᠢ ᠴᠢᠬᠤᠯᠠ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠢᠯᠵᠢᠷᠡᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠰᠢᠨ᠎ᠡ ᠦᠷ᠎ᠡ ᠪᠦᠲᠦᠮᠵᠢ ᠪᠠᠷ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠲᠣᠰ ᠤᠳᠠᠭᠠᠨ ᠤ ᠪᠣᠯᠪᠠᠰᠤᠷᠠᠭᠤᠯᠤᠯ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠣᠷᠭᠠᠨᠢᠭ ᠎ ᠢᠶᠠᠷ ᠤᠶᠠᠯᠳᠤᠭᠤᠯᠪᠠ᠃ ᠪᠣᠯᠪᠠᠰᠤᠷᠠᠭᠤᠯᠤᠯ ᠳᠤ ᠣᠷᠣᠯᠴᠠᠭᠰᠠᠨ ᠪᠥᠬᠦ ᠨᠥᠬᠦᠳ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠦᠨᠵᠡᠭᠡᠶ ᠠᠭᠤᠯᠤᠭᠳᠠᠬᠤᠨ ᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠬᠥᠮᠦᠵᠢᠯ ᠴᠡᠭᠴᠡᠯᠡᠯᠲᠡ ᠶᠢᠨ ᠲᠠᠷᠠᠭᠠᠴᠢ ᠶᠢᠨ ᠭᠤᠭᠴᠣᠭᠠᠨ ᠤ ᠡᠯ᠎ᠡ ᠵᠦᠶᠯ ᠤᠨ ᠠᠵᠢᠯ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号