ᠬᠠᠶᠢᠷᠤᠪ ᠤᠨ ᠲᠣᠬᠤᠢ ᠲᠣᠭᠤᠷᠢᠭ ᠥᠨᠳᠥᠷ ᠲᠦᠪᠰᠢᠨ ᠪᠦᠬᠦᠢ ᠡᠮᠴᠢᠯᠡᠭᠡ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2021/3/5
    ᠨᠢᠳᠤᠨᠤᠨ ᠠᠴᠠ ᠨᠠᠭᠠᠰᠢ᠂ ᠬᠠᠶᠢᠷᠤᠪ ᠤᠨ ᠲᠤᠬᠤᠢ ᠲᠣᠭᠤᠷᠢᠭ ᠬᠤᠳᠠ ᠶᠢᠨ ᠡᠮᠴᠢᠯᠡᠭᠡᠨ ᠤ ᠪᠦᠯᠦᠭᠯᠡᠯ ᠤᠨ ᠲᠣᠣᠷᠵᠢᠭᠤᠯᠤᠭᠰᠠᠨ ᠪᠠᠶᠢᠷᠢᠰᠢᠭᠤᠯᠤᠯᠲᠠ ᠪᠣᠯᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠲᠣᠭᠤᠷᠢᠭ ᠎ ᠤᠨ ᠬᠢᠲᠠᠳ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠦᠷᠦᠭᠦᠯᠡᠨ ᠲᠣᠭᠤᠷᠢᠭ ᠤᠨ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ 2 ᠡᠮᠴᠢᠯᠡᠭᠡᠨ ᠤ ᠪᠦᠯᠦᠭᠯᠡᠯ ᠢ ᠪᠠᠶᠢᠭᠤᠯᠵᠤ᠂ ᠡᠮᠨᠡᠯᠭᠡ ᠶᠢᠨ ᠬᠤᠷᠢᠶ᠎ᠠ ᠪᠣᠯᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠱᠠᠳᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠪᠠᠶᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠬᠠᠷᠢᠶ᠎ᠠ ᠲᠣᠭᠤᠷᠢᠭ ᠤᠨ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠬᠢᠲᠠᠳ ᠡᠮᠨᠡᠯᠭᠡ ᠶᠢᠨ ᠣᠨᠴᠠᠯᠢᠭ ᠢ ᠦᠷᠭᠦᠯᠵᠢᠯᠡᠨ ᠬᠥᠭᠵᠢᠭᠦᠯᠵᠦ᠂ ᠬᠠᠶᠢᠷᠤᠪ ᠎ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠷᠡᠭᠡᠯᠵᠡᠯ ᠤᠨ ᠲᠥᠪ ᠢ ᠠᠰᠢᠭᠯᠠᠯᠲᠠ ᠳᠤ ᠣᠷᠣᠭᠤᠯᠤᠨ᠂ ᠪᠦᠬᠦ ᠲᠤᠭᠤᠷᠢᠭ ᠤᠨ ᠡᠷᠡᠭᠡᠯᠵᠡᠯ ᠤᠨ ᠡᠮᠴᠢᠯᠡᠭᠡᠨ ᠤ ᠦᠢᠯᠡᠴᠢᠯᠡᠭᠡ ᠶᠢᠨ ᠬᠤᠭᠤᠰᠣᠨ ᠢ ᠨᠥᠬᠦᠪᠥᠷᠢᠯᠡᠵᠦ᠂ ᠬᠠᠷᠢᠶ᠎ᠠ ᠲᠣᠭᠤᠷᠢᠭ ᠲᠠᠬᠢ 5 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠎ ᠤ ᠲᠥᠪ ᠲᠤ ᠬᠢᠲᠠᠳ ᠡᠮᠨᠡᠯᠭᠡ ᠶᠢᠨ ᠣᠷᠳᠣᠨ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠬᠢᠲᠠᠳ ᠡᠮ ᠡᠮᠨᠡᠯᠭᠡ ᠎ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠨᠡᠶᠢᠭᠡᠮ ᠳᠤ ᠬᠠᠨᠳᠤᠭᠤᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ 29 ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠲᠣ ᠪᠦᠬᠦᠨ ᠢ ᠨᠢᠭᠡᠳᠦᠭᠡᠷ ᠹᠷᠣᠨᠲ ᠲᠤ ᠲᠡᠭᠦᠯᠳᠡᠷᠵᠢᠭᠦᠯᠪᠡ᠃ ᠲᠥᠪ ᠠᠴᠠ ᠰᠢᠭᠤᠳ ᠬᠦᠷᠭᠡᠬᠦ ᠪᠡᠯᠡ ᠮᠥᠩᠭᠦ 2 ᠳ᠋ᠦᠩᠰᠢᠭᠤᠷ ᠲᠥᠭᠦᠷᠢᠭ ᠪᠠᠶᠢᠵᠤ᠂ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ  ᠪᠣᠯᠤᠨ  ᠴᠡᠭᠡᠯ ᠠᠭᠤᠯᠠ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠲᠥᠬᠦᠭᠡᠷᠦᠮᠵᠢ ᠬᠤᠳᠠᠯᠳᠤᠨ ᠠᠪᠬᠤ ᠵᠢᠴᠢ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠳᠤ ᠬᠡᠷᠡᠭᠯᠡᠵᠦ᠂ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠴᠦᠲᠡᠶ ᠪᠠᠲᠤᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠰ ᠤᠨ ᠰᠠᠭᠤᠷᠢ ᠶᠢ ᠨᠡᠩ ᠪᠠᠲᠤ ᠪᠠᠬᠢ ᠪᠣᠯᠭᠠᠪᠠ᠃ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠠᠷᠢᠶᠠᠲᠤ ᠠᠰᠠᠷ ᠢ ᠠᠰᠢᠭᠯᠠᠯᠲᠠ ᠳᠤ ᠣᠷᠣᠭᠤᠯᠤᠨ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃  ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠎ ᠤᠨ ᠥᠭᠡᠷᠡᠴᠢᠯᠡᠯᠲᠡ᠂ ᠯᠢᠨ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠥᠭᠡᠷᠡᠴᠢᠯᠡᠯᠲᠡ᠂ ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠥᠭᠡᠷᠡᠴᠢᠯᠡᠯᠲᠡ ᠵᠡᠷᠭᠡ ᠲᠦᠷᠦᠯ ᠵᠦᠢᠯ ᠤᠨ ᠠᠬᠢᠴᠠ ᠤᠷᠤᠭᠰᠢᠲᠠᠢ ᠪᠠᠶᠢᠵᠤ᠂ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ᠂ ᠬᠢᠵᠢᠭ ᠲᠠᠢ ᠲᠡᠮᠡᠴᠡᠬᠦ ᠡᠳ᠋ ᠪᠣᠳᠠᠰ ᠢ ᠨᠥᠭᠡᠴᠡᠯᠡᠨ ᠬᠤᠳᠠᠯᠳᠤᠨ ᠠᠪᠬᠤ ᠠᠵᠢᠯ ᠲᠦᠷᠭᠡᠨ ᠠᠬᠢᠪᠠ᠃      ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 《 ᠬᠥᠮᠦᠨ 》᠂ 《 ᠪᠣᠳᠠᠰ 》᠎ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ 《 ᠲᠦᠷᠪᠡᠨ ᠡᠷᠲᠡ 》᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠠᠮᠤᠷ ᠲᠦᠪᠰᠢᠨ ᠢᠶᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠤᠨ᠎ᠠ᠃ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠥᠭᠡᠷᠡᠴᠢᠯᠡᠬᠦ ᠪᠠ ᠰᠠᠺᠦᠷᠠ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠦᠢᠯᠡᠰ ᠢ ᠶᠡᠬᠡᠪᠡᠷ ᠬᠥᠭᠵᠢᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠭᠦᠨᠵᠡᠭᠡᠶ ᠲᠦᠯᠬᠢᠨ ᠠᠬᠢᠭᠤᠯᠵᠤ᠂ ᠣᠨᠴᠠᠯᠢᠭᠲᠤ ᠲᠤᠰᠬᠠᠶ ᠮᠡᠷᠭᠡᠵᠢᠯ᠂ ᠡᠮᠴᠢᠯᠡᠭᠡᠨ ᠤ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ  ᠎ ᠶᠢ ᠪᠦᠷᠢᠨᠰᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠎ ᠤᠨ ᠭᠡᠨᠡᠳᠲᠡ ᠡᠭᠦᠰᠬᠦ ᠬᠡᠷᠡᠭ ᠢ ᠰᠡᠷᠡᠮᠵᠢᠯᠡᠭᠦᠯᠬᠦ ᠪᠠ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号