ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/8
     3 ᠰᠠᠷ᠎ᠠ ᠶᠢᠨ 5᠎ ᠤ ᠦᠳᠡ ᠶᠢᠨ ᠡᠮᠦᠨ᠎ᠡ ᠮᠠᠨ ᠤ ᠲᠤᠪᠴᠢᠶ᠎ᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ 5 ᠳ᠋ᠤᠭᠠᠷ ᠳᠠᠪᠬᠤᠷᠯᠢᠭ ᠤᠨ ᠸᠢᠳᠢᠣ᠋ ᠶᠢᠨ ᠬᠤᠷᠠᠯ ᠤᠨ ᠭᠡᠷ ᠲᠤ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠪᠣᠯᠪᠠᠰᠤᠷᠠᠯ ᠤᠨ ᠬᠤᠷᠠᠯ ᠬᠢᠵᠦ᠂ 70 ᠠᠵᠤ ᠠᠬᠤᠶᠢᠯᠠᠯ ᠳᠤ ᠪᠣᠯᠪᠠᠰᠤᠷᠠᠯ ᠬᠦᠷᠲᠡᠭᠡᠵᠡᠢ᠃ ᠬᠤᠷᠠᠯ ᠳᠡᠭᠡᠷ᠎ᠡ ᠬᠠᠤᠯᠢ ᠲᠦᠷᠢᠮ ᠤᠨ ᠲᠤᠰᠬᠠᠶ ᠮᠡᠷᠭᠡᠵᠢᠯ ᠨᠢ ᠭᠤᠤᠯᠳᠠᠭᠤ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠲᠤ ᠶᠠᠮᠠᠷ ᠶᠠᠮᠠᠷ ᠡᠷᠬᠡ ᠪᠠ ᠡᠭᠦᠷᠭᠡ ᠲᠠᠢ ᠪᠠᠶᠢᠬᠤ᠂ ᠶᠠᠮᠠᠷ ᠶᠠᠩᠵᠤ ᠶᠢᠨ ᠤᠶᠢᠯᠡ ᠠᠵᠢᠯᠯᠠᠭ᠎ᠠ ᠨᠢ ᠲᠤᠭ᠎ᠠ ᠪᠦᠷᠢᠳᠬᠡᠯ ᠤᠨ ᠬᠠᠤᠯᠢ ᠶᠢ ᠵᠥᠷᠢᠴᠡᠭᠰᠡᠨ ᠤᠶᠢᠯᠡ ᠠᠵᠢᠯᠯᠠᠭ᠎ᠠ ᠪᠣᠯᠵᠣ ᠪᠦᠷᠢᠯᠳᠦᠬᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠨᠢᠭᠡᠴᠡ ᠪᠠ ᠬᠤᠪᠢ ᠬᠥᠮᠦᠨ ᠶᠠᠮᠠᠷ ᠶᠠᠩᠵᠤ ᠶᠢᠨ ᠬᠠᠷᠢᠭᠤᠴᠠᠯᠭ᠎ᠠ ᠡᠭᠦᠷᠭᠡᠯᠡᠪᠡᠯ ᠵᠣᠬᠢᠬᠤ ᠵᠡᠷᠭᠡ ᠭᠤᠤᠯ ᠠᠭᠤᠯᠭ᠎ᠠ ᠳᠤ ᠲᠠᠶᠢᠯᠤᠮᠵᠢ ᠬᠢᠪᠠ᠃ ᠠᠵᠤ ᠠᠬᠤᠶᠢᠯᠠᠯ ᠤᠨ ᠲᠤᠭ᠎ᠠ ᠪᠦᠷᠢᠳᠬᠡᠭᠴᠢ ᠶᠢᠨ ᠬᠠᠤᠯᠢ ᠶᠣᠰᠣᠭᠠᠷ ᠮᠡᠳᠡᠭᠦᠯᠬᠦ ᠬᠦᠰᠦᠨᠦᠭᠲᠦ ᠪᠠᠨ ᠮᠡᠳᠡᠭᠦᠯᠦᠨ ᠬᠦᠷᠭᠡᠬᠦ ᠦᠵᠡᠯ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠨᠢᠭᠡᠳᠦᠯᠲᠡᠶ ᠲᠣᠭᠲᠠᠭᠠᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠮᠡᠳᠡᠭᠦᠯᠦᠨ ᠬᠦᠷᠭᠡᠬᠦ ᠣᠷᠴᠢᠨ ᠨᠥᠬᠦᠴᠡᠯ ᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠲᠤᠰᠬᠠᠶ ᠮᠡᠷᠭᠡᠵᠢᠯ ᠤᠨ ᠠᠵᠢᠯᠳᠠᠨ ᠤ ᠮᠡᠳᠡᠭᠦᠯᠬᠦ ᠬᠦᠰᠦᠨᠦᠭᠲᠦ ᠶᠢ ᠰᠢᠪᠠᠳᠠᠨ ᠮᠡᠳᠡᠭᠦᠯᠬᠦ ᠠᠵᠢᠯ ᠤᠨ ᠳᠠᠷᠤᠯᠲᠠ ᠶᠢ ᠬᠥᠩᠭᠡᠷᠡᠭᠦᠯᠬᠦ ᠳᠤ ᠮᠥᠨ ᠴᠢᠨᠠᠷ ᠤᠨ ᠦᠢᠯᠡᠳᠦᠯ ᠦᠵᠡᠭᠦᠯᠵᠦ᠂ ᠪᠣᠯᠪᠠᠰᠤᠷᠠᠭᠤᠯᠤᠯ ᠢ ᠤᠷᠢᠳ ᠢᠶᠠᠷ ᠬᠢᠬᠦ᠂ ᠬᠠᠤᠯᠢ ᠲᠦᠷᠢᠮ ᠢᠶᠠᠷ ᠬᠠᠮᠠᠭᠠᠯᠠᠬᠤ ᠲᠤᠭ᠎ᠠ ᠪᠦᠷᠢᠳᠬᠡᠯ ᠤᠨ ᠠᠵᠢᠯ ᠤᠨ ᠵᠠᠭᠪᠤᠷ ᠢ ᠦᠨᠡᠨ ᠬᠦ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠶᠢ ᠪᠣᠳᠠᠲᠠᠶ ᠠᠵᠢᠯ ᠲᠠᠢ ᠨᠢᠭᠲᠠ ᠤᠶᠠᠯᠳᠤᠭᠤᠯᠵᠤ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号