ᠬᠠᠶᠢᠷᠤᠪ ᠤᠨ ᠲᠤᠬᠤᠢ ᠲᠣᠭᠤᠷᠢᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠶᠢ ᠠᠬᠢᠭᠤᠯᠪᠠ
ᠨᠡᠶᠢᠲᠡᠯᠡᠭᠰᠡᠨ ᠴᠠᠭ᠄
2021/3/9
     ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠠᠵᠤ ᠠᠬᠤᠶᠢᠯᠠᠯ ᠳᠤ ᠤᠶᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠬᠠᠮᠲᠤᠪᠠᠷ ᠲᠦᠷᠦᠭᠦᠯᠡᠨ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠲᠠᠢ ᠬᠠᠮᠲᠤᠷᠠᠨ᠂ ᠬᠠᠶᠢᠷᠤᠪ ᠤᠨ ᠲᠤᠬᠤᠢ ᠲᠣᠭᠤᠷᠢᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠬᠦᠴᠦ ᠪᠠᠨ ᠬᠠᠮᠲᠤᠳᠬᠠᠨ ᠠᠬᠢᠭᠤᠯᠵᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠤᠷᠢᠳᠴᠢᠯᠠᠨ ᠣᠷᠣᠯᠴᠠᠬᠤ᠂ ᠡᠮᠦᠨ᠎ᠡ ᠨᠢ ᠦᠢᠯᠡᠴᠢᠯᠡᠬᠦ ᠪᠠ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠠᠪᠴᠤ᠂ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠠᠢ᠃        ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠥᠪᠥᠷ ᠮᠣᠩᠭᠤᠯ ᠤᠨ ᠯᠦᠩ ᠰᠢᠶᠠᠩ ᠭᠡᠷ ᠭᠠᠵᠠᠷ ᠤᠨ ᠬᠦᠷᠦᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠬᠢᠨᠠᠨ ᠵᠥᠪᠰᠢᠶᠡᠷᠡᠯ ᠢ ᠭᠦᠢᠴᠡᠳᠬᠡᠬᠦ ᠶᠠᠪᠤᠴᠠ ᠳᠤ᠂ ᠲᠤᠰᠬᠠᠢ ᠬᠥᠮᠦᠨ ᠲᠣᠮᠢᠯᠠᠨ ᠠᠵᠤ ᠠᠬᠤᠶᠢᠯᠠᠯ ᠤᠨ ᠮᠠᠲ᠋ᠧᠷᠢᠶᠠᠯ ᠡᠷᠬᠢᠯᠡᠬᠦ ᠦᠶ᠎ᠡ ᠳᠤ ᠣᠷᠣᠰᠢᠵᠤ ᠪᠠᠶᠢᠭᠰᠠᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ ᠳᠠᠷᠠᠭ᠎ᠠ ᠨᠢ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠡᠭᠡᠷ᠎ᠡ᠂ ᠡᠯ᠎ᠡ ᠱᠠᠲᠤᠨ ᠤ ᠭᠦᠢᠴᠡᠳᠬᠡᠬᠦ ᠪᠠᠷ ᠪᠠᠶᠢᠭ᠎ᠠ ᠭᠠᠷ ᠭᠦᠢᠴᠡᠳᠬᠡᠯ ᠵᠢᠴᠢ ᠬᠢᠨᠠᠨ ᠵᠥᠪᠰᠢᠶᠡᠷᠡᠬᠦ ᠶᠠᠪᠤᠴᠠ ᠳᠤ ᠬᠠᠪᠰᠤᠷᠤᠯᠭ᠎ᠠ ᠦᠵᠡᠭᠦᠯᠪᠡ᠃ ᠡᠭᠦᠨ ᠤ ᠵᠡᠷᠭᠡᠪᠡᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠪᠦᠯᠦᠭᠵᠢᠯ ᠢ ᠪᠠᠶᠢᠭᠤᠯᠵᠤ᠂ ᠠᠵᠤ ᠠᠬᠤᠶᠢᠯᠠᠯ ᠤᠨ ᠠᠰᠠᠭᠤᠳᠠᠯ ᠪᠠᠶᠢᠪᠠᠯ ᠴᠠᠭ ᠲᠤᠬᠠᠢ ᠳᠤᠨᠢ ᠠᠰᠠᠭᠤᠯᠲᠠ ᠠᠰᠠᠭᠤᠬᠤ ᠳᠤ ᠲᠦᠭᠦᠮ ᠦᠵᠡᠭᠦᠯᠵᠦ᠂ ᠠᠵᠢᠯᠲᠠᠳ ᠤᠨ ᠴᠠᠭ ᠲᠤᠬᠠᠢ ᠳᠤᠨᠢ ᠰᠦᠯᠵᠢᠶᠡᠨ ᠳᠡᠭᠡᠷ᠎ᠡ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃     ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠳᠡᠳ᠋ ᠳᠠᠷᠤᠭ᠎ᠠ ᠸᠠᠩ ᠶᠢᠩ ᠹᠸᠢ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠠᠵᠤ ᠠᠬᠤᠶᠢᠯᠠᠯ ᠳᠤ ᠦᠢᠯᠡᠴᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠬᠢᠨᠠᠨ ᠵᠥᠪᠰᠢᠶᠡᠷᠡᠯ ᠢ ᠭᠦᠢᠴᠡᠳᠬᠡᠬᠦ ᠲᠤᠰᠬᠠᠶ ᠲᠤᠰᠢᠶᠠᠯᠲᠠᠨ ᠲᠣᠮᠢᠯᠠᠨ ᠠᠵᠤ ᠠᠬᠤᠶᠢᠯᠠᠯ ᠢ ᠬᠠᠪᠰᠤᠷᠤᠨ ᠬᠢᠨᠠᠨ ᠵᠥᠪᠰᠢᠶᠡᠷᠡᠬᠦ ᠪᠥᠬᠦ ᠶᠠᠪᠤᠴᠠ ᠶᠢᠨ ᠣᠷᠣᠯᠠᠨ ᠭᠦᠢᠴᠠᠤᠡᠭᠡᠬᠦ᠂ ᠬᠠᠪᠰᠤᠷᠤᠨ ᠭᠦᠢᠴᠠᠤᠡᠭᠡᠬᠦ  ᠤᠶᠢᠯᠡᠴᠢᠯᠡᠭᠡ ᠶᠢ ᠰᠠᠶᠢᠲᠤᠷ ᠬᠢᠵᠦ᠂ ᠡᠯ᠎ᠡ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠣᠬᠢᠴᠠᠭᠤᠯᠤᠨ ᠠᠵᠤ ᠠᠬᠤᠶᠢᠯᠠᠯ ᠤᠨ ᠪᠢᠴᠢᠭ ᠮᠠᠲ᠋ᠧᠷᠢᠶᠠᠯ ᠡᠷᠭᠢᠯᠡᠬᠦ ᠦᠶ᠎ᠡ ᠳᠤ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠢ  ᠰᠢᠢᠤᠡᠪᠤᠷᠢᠯᠡᠵᠤ᠂ ᠤᠷᠢᠳᠠᠪᠠᠷ  ᠤᠶᠢᠯᠡᠴᠢᠯᠡᠬᠦ ᠵᠠᠷᠴᠢᠮ ᠢᠶᠠᠷ ᠲᠥᠷᠥᠯ ᠵᠤᠶᠢᠯ ᠳᠤ ᠬᠢᠨᠠᠯᠲᠠ ᠬᠠᠮᠢᠶᠠᠷᠤᠯᠲᠠ ᠬᠢᠵᠦ᠂ ᠠᠵᠤ ᠠᠬᠤᠶᠢᠯᠠᠯ ᠢ ᠴᠠᠭ ᠲᠤᠬᠠᠶ ᠳᠤᠨᠢ ᠵᠢᠯᠣᠭᠤᠳᠤᠨ ᠬᠠᠪᠰᠤᠷᠴᠤ ᠪᠠᠶᠢᠭᠠᠳ ᠡᠯ᠎ᠡ ᠲᠥᠷᠥᠯ ᠤᠨ ᠳᠠᠯᠳᠠ ᠬᠡᠮ ᠪᠠ ᠠᠰᠠᠭᠤᠳᠠᠯ ᠢ ᠨᠢ ᠰᠢᠢᠤᠡᠪᠤᠷᠢᠯᠡᠵᠤ᠂ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠦᠢᠯᠡᠴᠢᠯᠡᠭᠡ ᠶᠢ ᠵᠢᠷᠤᠮᠵᠢᠭᠤᠯᠵᠤ᠂ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠡᠯ᠎ᠡ ᠲᠥᠷᠥᠯ ᠤᠨ ᠬᠡᠮ ᠰᠣᠭᠤᠭ ᠪᠠ ᠠᠰᠠᠭᠤᠳᠠᠯ ᠢ ᠨᠢ ᠰᠢᠢᠤᠡᠪᠤᠷᠢᠯᠡᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠰᠢᠨ᠎ᠡ ᠬᠤᠪᠢ  ᠨᠡᠮᠡᠷᠢ ᠦᠵᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号