ᠬᠤᠩ ᠵᠢᠶᠧ
ᠨᠡᠶᠢᠲᠡᠯᠡᠭᠰᠡᠨ ᠴᠠᠭ᠄
2021/4/1
       ᠤᠳᠤᠷᠢᠳᠤᠯᠭ᠎ᠠ ᠶᠢᠨ ᠲᠠᠨᠢᠯᠴᠠᠭᠤᠯᠭ᠎ᠠ  ᠄ ᠬᠤᠩ ᠵᠢᠶᠧ᠂ ᠡᠷᠡᠭᠲᠠᠢ᠂ ᠬᠢᠲᠠᠳ ᠦᠨᠳᠦᠰᠦᠲᠡᠨ᠂ 1968 ᠤᠨ ᠤ 4 ᠳ᠋ᠤᠭᠡᠷ ᠰᠠᠷ᠎ᠠ ᠳᠤ ᠾᠧᠪᠸᠢ ᠮᠤᠵᠢ ᠶᠢᠨ ᠷᠤᠤ ᠶᠠᠩ ᠳᠤ ᠲᠦᠷᠦᠪᠡ᠂ 1984 ᠤᠨ ᠤ 12 ᠳ᠋ᠤᠭᠠᠷ ᠰᠠᠷ᠎ᠠ ᠳᠤ ᠠᠵᠢᠯ ᠳᠤ  ᠤᠷᠤᠯᠴᠠᠵᠦ᠂ 1995 ᠤᠨ ᠤ 6 ᠳ᠋ᠤᠭᠠᠷ ᠰᠠᠷ᠎ᠠ ᠳᠤ ᠡᠪ ᠬᠠᠮᠳᠤ ᠨᠠᠮ ᠳᠤ ᠡᠯᠰᠡᠭᠳᠡᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠲᠠᠢ᠂ ᠨᠢᠩᠰᠢᠶᠠ ᠶᠢᠨ ᠷᠠᠳᠢᠤ᠋ ᠶᠡᠭᠡ ᠰᠤᠷᠭᠠᠭᠤᠯᠢ ︵ᠵᠠᠬᠢᠳᠠᠯ ᠎ ᠢᠶᠠᠷ ᠰᠤᠷᠭᠠᠬᠤ︶᠎ ᠶᠢᠨ ᠬᠠᠤᠯᠢ ᠴᠠᠭᠠᠵᠠ ᠤᠨ ᠲᠤᠰᠬᠠᠢ ᠮᠡᠷᠭᠡᠵᠢᠯ ᠠᠴᠠ ᠲᠡᠭᠦᠰᠴᠠᠢ       ᠲᠤᠰᠢᠶᠠᠯ᠄ ᠤᠳᠤ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠃       ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢᠨ ᠠᠵᠢᠯ ᠢ ᠬᠠᠪᠰᠤᠷᠤᠨ᠂ ᠰᠤᠩᠭᠤᠭᠤᠯᠢ᠂ ᠲᠤᠮᠢᠯᠠᠬᠤ ᠪᠠᠭᠤᠯᠭᠠᠬᠤ᠂ ᠲᠦᠯᠦᠭᠡᠯᠡᠭᠴᠢ ᠶᠢᠨ ᠠᠵᠢᠯ ᠵᠢᠴᠢ ᠬᠢᠨᠠᠨ ᠪᠠᠶᠢᠴᠠᠭᠠᠬᠤ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠳᠤ ᠬᠢᠨᠠᠯᠲᠠ ᠲᠠᠯᠪᠢᠵᠦ ᠪᠠᠶᠢᠴᠠᠭᠠᠨ ᠰᠤᠳᠤᠯᠤᠯᠲᠠ ᠬᠢᠬᠦ ᠠᠵᠢᠯ ᠢ ᠬᠠᠷᠢᠭᠤᠴᠠᠵᠦ᠂ ᠠᠵᠢᠯᠲᠠᠨ ᠤ ᠶᠠᠪᠤᠳᠠᠯ ᠤᠨ ᠲᠦᠯᠤᠭᠡᠯᠡᠭᠴᠢᠳ ᠤᠨ ᠠᠵᠢᠯ ᠤᠨ ᠵᠦᠪᠯᠡᠯ ᠢ ᠬᠤᠪᠢᠳᠠᠨ ᠬᠠᠮᠢᠶᠠᠷᠴᠦ᠂ ᠲᠤᠭᠤᠷᠢᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠲᠤᠭᠤᠷᠢᠭ ᠤᠨ ᠵᠤᠬᠢᠶᠠᠨ ᠪᠠᠶᠢᠭᠤᠯᠬᠤ ᠬᠡᠯᠲᠡᠰ᠂ ᠠᠬᠠᠮᠡᠳ ᠺᠠᠲᠠᠷᠴᠤᠳ ᠤᠨ ᠲᠤᠪᠴᠢᠶ᠎ᠠ᠂ ᠲᠤᠭᠤᠷᠢᠭ ᠤᠨ ᠠᠵᠢᠯᠴᠢᠨ ᠤ ᠶᠡᠷᠤᠩᠬᠡᠢ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠲᠠᠶᠢᠴᠦᠳ ᠤᠨ ᠬᠤᠯᠪᠤᠭᠠᠳᠤ ᠬᠤᠷᠠᠯ ᠬᠢᠭᠡᠳ ᠴᠡᠭᠡᠯ ᠠᠭᠤᠯᠠ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ᠂ ᠡᠯ᠎ᠡ ᠵᠡᠭᠡᠯᠢ ᠭᠤᠳᠤᠮᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠵᠡᠷᠭᠡ ᠪᠠᠶᠢᠭᠤᠯᠭ᠎ᠠ ᠎ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号