ᠸᠩ ᠶᠦᠩ ᠲᠤᠤ
ᠨᠡᠶᠢᠲᠡᠯᠡᠭᠰᠡᠨ ᠴᠠᠭ᠄
2021/4/1
      ᠸᠩ ᠶᠦᠩ ᠲᠤᠤ᠂ ᠡᠷᠡᠭᠲᠡᠶ᠂ ᠬᠢᠲᠠᠳ ᠦᠨᠳᠦᠰᠦᠲᠡᠨ᠂ 1986 ᠣᠨ ᠤ 6 ᠰᠠᠷ᠎ᠠ ᠳᠤ ᠲᠦᠷᠦᠵᠠᠢ᠂ 2010 ᠣᠨ ᠤ 11 ᠰᠠᠷ᠎ᠠ ᠳᠤ ᠠᠵᠢᠯ ᠳᠤ ᠣᠷᠣᠵᠤ᠂ 2008 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠭᠠᠵᠠᠷ ᠰᠢᠨᠵᠢᠯᠡᠭᠡᠨ ᠤ ᠢᠨᠵᠧᠨᠧᠷᠢᠩ ᠤᠨ ᠲᠤᠰᠬᠠᠶ ᠮᠡᠷᠭᠡᠵᠢᠯ ᠠᠴᠠ ᠲᠡᠭᠦᠰᠴᠡᠶ᠂ ᠱᠠᠨᠰᠢ ᠶᠢᠨ ᠯᠢᠴᠢᠦᠸᠠᠨ ᠤ ᠬᠥᠮᠦᠨ᠂ ᠤᠳᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃     2006.09 — 2010.06 ᠱᠢ ᠵᠢᠶᠠ ᠵᠤᠸᠠᠩ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠰᠬᠠᠶ ᠮᠡᠷᠭᠡᠵᠢᠯ ᠳᠤ ᠰᠤᠷᠤᠯᠴᠠᠪᠠ      2010.06 — 2010.07 ᠠᠵᠢᠯ ᠬᠦᠯᠢᠶᠡᠨ᠎ᠡ     2010.07 — 2010.11 ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠪᠠᠷᠠᠭᠤᠨ ᠬᠤᠶᠢᠲᠤ ᠶᠢᠨ ᠠᠳᠠᠯ ᠤᠶᠢᠯᠡᠰ ᠴᠣᠭᠴᠠᠯᠠᠬᠤ ᠺᠣᠮᠫᠠᠨᠢ ᠶᠢᠨ ᠮᠡᠷᠭᠡᠵᠢᠯᠲᠡᠨ     2010.11 — 2011.03 ᠥᠪᠥᠷ ᠮᠣᠩᠭᠤᠯ ᠤᠨ ᠨᠠᠢᠮᠠᠳᠤᠭᠠᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠡᠷᠭᠡᠵᠢᠯᠲᠡᠨ     2011.03 — 2012.03 ᠥᠪᠥᠷ ᠮᠣᠩᠭᠤᠯ ᠤᠨ ᠨᠠᠢᠮᠠᠳᠤᠭᠠᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢᠶᠠᠷᠢ ᠠᠩᠭᠢ ᠶᠢᠨ ᠮᠡᠷᠭᠡᠵᠢᠯ ᠤᠨ ᠬᠠᠷᠢᠭᠤᠴᠠᠯᠭᠠᠲᠠᠨ ︵ᠳᠡᠳ᠋ ᠰᠠᠯᠠᠭ᠎ᠠ ᠶᠢᠨ ᠲᠠᠰ ᠤᠨ ᠬᠠᠷᠠᠭᠠᠯᠵᠠᠯ ᠲᠠᠢ ᠬᠠᠷᠢᠴᠠᠭᠤᠯᠪᠠ︶     2012.03 — 2017.08 ᠥᠪᠥᠷ ᠮᠣᠩᠭᠤᠯ ᠤᠨ ᠨᠠᠢᠮᠠᠳᠤᠭᠠᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠪᠠᠷᠠᠭᠤᠨ  ᠬᠤᠰᠢᠭᠤᠨ ᠤ ᠤᠯᠠᠭᠠᠨᠪᠤᠯᠠᠭ ᠶᠢᠨ ᠣᠯᠠᠨ ᠲᠡᠮᠦᠷᠯᠢᠭ ᠤᠨ ᠠᠭᠤᠷᠬᠠᠶ ᠶᠢᠨ ᠨᠡᠶᠢᠳᠡᠮ ᠪᠠᠶᠢᠴᠠᠭᠠᠯᠲᠠ︾᠎ ᠶᠢᠨ ᠲᠥᠷᠥᠯ ᠵᠤᠶᠢᠯ ᠤᠨ ᠬᠠᠷᠢᠭᠤᠴᠠᠯᠭᠠᠲᠠᠨ ︵ᠵᠢᠩᠬᠢᠨᠢ ᠰᠠᠯᠠᠭᠠᠨ ᠤ ᠲᠠᠰ ᠤᠨ ᠬᠠᠮᠢᠶᠠᠷᠤᠯᠲᠠ ᠶᠢᠨ ᠶᠣᠰᠣᠭᠠᠷ︶    ︵ᠡᠨᠡ ᠬᠤᠭᠤᠴᠠᠭᠠᠨ ᠳᠤ᠄ 2013.11 — 2017.07 ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠭᠠᠵᠠᠷ ᠰᠢᠨᠵᠢᠯᠡᠭᠡᠨ ᠤ ᠢᠨᠵᠧᠨᠧᠷᠢᠩ ᠤᠨ ᠲᠤᠰᠬᠠᠶ ᠮᠡᠷᠭᠡᠵᠢᠯ ᠳᠤ ᠰᠤᠷᠤᠯᠴᠠᠪᠠ︶     2017.08 — 2018.11 ᠥᠪᠥᠷ ᠮᠣᠩᠭᠤᠯ ᠤᠨ ᠨᠠᠢᠮᠠᠳᠤᠭᠠᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠦᠷᠢᠶᠡᠯᠡᠩ ᠤᠨ ᠳᠡᠳ᠋ ᠶᠡᠷᠦᠩᠬᠡᠶ ᠢᠨᠵᠧᠨᠧᠷ ︵ᠵᠢᠩᠬᠢᠨᠢ ᠰᠠᠯᠠᠭᠠᠨ ᠤ ᠲᠠᠰ︶     2018.11 — 2019.05 ᠥᠪᠥᠷ ᠮᠣᠩᠭᠤᠯ ᠤᠨ ᠨᠠᠢᠮᠠᠳᠤᠭᠠᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠦᠷᠢᠶᠡᠯᠡᠩ ᠤᠨ ᠳᠡᠳ᠋ ᠶᠡᠷᠦᠩᠬᠡᠶ ᠢᠨᠵᠧᠨᠧᠷ ︵ᠵᠢᠩᠬᠢᠨᠢ ᠰᠠᠯᠠᠭᠠᠨ ᠤ ᠲᠠᠰ︶᠂ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠶᠠᠮᠤᠨ ᠤ ᠳᠡᠳ᠋ ᠰᠠᠶᠢᠳ     ︵2018.04 — 2019.04 ᠲᠦᠷ ᠴᠠᠭ ᠲᠤᠰᠢᠶᠠᠯ ᠡᠭᠦᠷᠭᠡᠯᠡᠨ ᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠶᠢᠨ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠨ᠎ᠡ︶    2019.05 — 2021.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ    2021.06 — 2021.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠤ ᠵᠢᠱᠢᠭᠳᠡᠭᠴᠢ    2021.07 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ      ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠡᠳ᠋ ᠤᠨ ᠵᠠᠰᠠᠭ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ ︵ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠠ ᠣᠶ ᠰᠢᠭᠤᠶ᠂ ᠨᠤᠲᠤᠭ ᠪᠡᠯᠴᠢᠭᠡᠷ ᠤᠨ ᠬᠡᠰᠡᠭ︶᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︵︽ᠠᠭᠤᠷᠬᠠᠶ ᠶᠢ ᠵᠠᠰᠠᠬᠤ︾᠂ ︽ᠰᠢᠲᠠᠮᠠᠬᠠᠶ ᠬᠡᠶ ᠶᠢ ᠵᠠᠰᠠᠬᠤ︾᠂ ︽ᠲᠠᠯᠠᠪᠠᠶ ᠶᠢ ᠵᠠᠰᠠᠬᠤ︾᠂ ︽ᠲᠡᠷᠭᠡ ᠶᠢ ᠵᠠᠰᠠᠬᠤ︾᠂ ︽ᠵᠠᠮ ᠢ ᠵᠠᠰᠠᠬᠤ︾ ᠪᠠᠭᠲᠠᠨ᠎ᠠ︶᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠠᠭᠲᠠᠨ᠎ᠠ︶᠂ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠤᠶᠢᠯᠡᠴᠢᠯᠡᠭᠡᠨ ᠤ ᠲᠥᠪ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠠᠶᠢᠷᠤᠪ ᠤᠨ ᠲᠤᠬᠤᠢ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠶᠢᠷᠤᠪ ᠤᠨ ᠲᠤᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠣᠪᠴᠢᠶ᠎ᠠ ᠪᠠᠭᠲᠠᠨ᠎ᠠ︶᠂ ᠭᠠᠯ ᠤᠨᠲᠠᠷᠠᠭᠠᠬᠤ ᠶᠡᠭᠡ ᠠᠩᠭᠢ᠂ ᠦᠬᠠᠶ ᠶᠢᠨ ᠴᠠᠬᠢᠯᠭᠠᠨ ᠤ ᠤᠶᠢᠯᠡᠰ ᠤᠨ ᠲᠣᠪᠴᠢᠶ᠎ᠠ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠬᠡᠨ ᠤ ᠪᠠᠶᠢᠭᠤᠯᠤᠮᠵᠢ ᠲᠠᠢ ᠬᠠᠷᠢᠯᠴᠠᠨ᠎ᠠ᠃       ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号