ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠣᠭᠳᠠᠯ ᠪᠥᠬᠦᠶ ᠮᠡᠳᠡᠭᠳᠡᠯ ᠤᠨ ᠱᠠᠭᠠᠷᠳᠠᠯᠭ᠎ᠠ ᠪᠣᠯᠤᠨ ᠬᠤᠯᠪᠣᠭᠳᠠᠯ | ᠪᠥᠬᠦᠶ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ | ᠤᠨ ᠲᠣᠪᠴᠢᠶ᠎ᠠ 25 ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠷᠢᠶ᠎ᠠ ᠯᠣᠽᠦ᠋ᠩ᠂ ᠸᠢᠳᠢᠣ᠋᠂ ᠲᠠᠭᠤᠨ ᠳᠠᠪᠲᠠᠮᠵᠢ ᠵᠡᠷᠭᠡ ᠠᠭᠤᠯᠭ᠎ᠠ | ᠶᠢ ᠪᠠᠭᠤᠯᠭᠠᠵᠤ᠂ 《 ᠡᠷᠡᠭᠦᠯ ᠠᠮᠢᠳᠤᠷᠠᠯ ᠴᠠᠭᠠᠨ ᠰᠠᠷ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠰᠣᠨᠢᠨ 》60 ᠬᠠᠭᠤᠳᠠᠰᠤ᠂ 《 ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠷᠡᠭᠦᠯ ᠮᠡᠨᠳᠦ ᠶᠢᠨ ᠬᠥᠮᠦᠵᠢᠯ ᠤᠨ ᠭᠠᠷ ᠳᠡᠪᠲᠡᠷ 》 ᠢ | 25 ᠳᠡᠪᠲᠡᠷ ᠦᠶᠯᠡᠳᠴᠦ ᠲᠠᠷᠬᠠᠭᠠᠪᠠ᠃ ᠡᠯ᠎ᠡ ᠬᠤᠳᠠᠯᠳᠤᠭᠠᠨ ᠤ ᠲᠠᠯᠠᠪᠠᠶ᠂ ᠬᠡᠲᠦ ᠳᠡᠯᠭᠡᠭᠦᠷ ᠵᠡᠷᠭᠡ ᠣᠯᠠᠨ | ᠨᠡᠶᠢᠲᠡ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠵᠠᠷᠯᠠᠯ | ᠂ ᠤᠷᠢᠶ᠎ᠠ ᠵᠡᠷᠭᠡ ᠶᠢ ᠥᠷᠭᠡᠨ ᠢᠶᠠᠷ ᠨᠠᠭᠠᠬᠤ ᠪᠠ ᠡᠯᠭᠦᠬᠦ ᠶᠢ ᠰᠢᠮᠳᠠᠭᠤᠯᠬᠤ ᠬᠡᠷᠡᠭᠲᠡᠶ᠃ᠡᠯᠧᠺᠲᠷᠣᠨ ᠳᠡᠯᠭᠡᠴᠡ ᠶᠢ | ᠭᠦᠶᠴᠡᠳ ᠠᠰᠢᠭᠯᠠᠨ 《 ᠪᠦᠷᠢᠯᠭᠡᠨ ᠰᠦᠶᠳᠬᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠶ | 》 ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ | ᠶᠢᠨ ᠪᠢᠴᠢᠯ ᠺᠢᠨᠣ᠋ ᠶᠢᠨ ᠰᠢᠯᠢᠳᠡᠭ ᠪᠦᠲᠦᠭᠡᠯ ᠢ ᠳᠡᠯᠭᠡᠨ ᠦᠵᠡᠭᠦᠯᠵᠦ ᠨᠡᠪᠲᠡᠷᠡᠭᠦᠯᠬᠦ ᠵᠢᠴᠢ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠷᠢᠰ ᠵᠠᠷᠯᠠᠯ ᠢ ᠤᠬᠠᠭᠤᠯᠤᠨ | ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠷᠠᠳᠢᠣ᠋᠂ ᠪᠦᠷᠢᠶ᠎ᠡ ᠵᠡᠷᠭᠡ ᠲᠥᠬᠦᠭᠡᠷᠦᠮᠵᠢ ᠶᠢ ᠠᠰᠢᠭᠯᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠠᠭᠤᠨ ᠳᠠᠪᠲᠠᠮᠵᠢ᠂ 《 ᠪᠢ ᠲᠥᠷᠥᠯ ᠰᠠᠳᠤᠨ ᠳᠠᠭᠠᠨ ᠨᠣᠮ ᠬᠦᠷᠭᠡᠬᠦ | 》2021 ᠣᠨ ᠤ ᠴᠠᠭᠠᠨ ᠰᠠᠷ᠎ᠠ ᠶᠢᠨ ᠪᠥᠬᠦ ᠠᠷᠠᠳ ᠤᠨ ᠤᠩᠰᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ 》 | ᠤᠨ ᠤᠬᠠᠭᠤᠯᠭ᠎ᠠ ᠶᠢ ᠨᠡᠪᠲᠡᠷᠡᠭᠦᠯᠬᠦ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠦᠷᠭᠦᠯᠵᠢᠯᠡᠨ ᠤᠬᠠᠭᠤᠯᠭ᠎ᠠ ᠪᠠᠨ ᠴᠢᠩᠭᠠᠳᠬᠠᠵᠤ᠂ 《 ᠲᠦᠮᠡᠨ ᠳᠡᠯᠭᠡᠴᠡᠲᠦ ᠠᠵᠢᠯᠯᠠᠭ᠎ᠠ | 》 ᠶᠢ ᠭᠦᠨᠵᠡᠭᠡᠶ ᠥᠷᠨᠢᠭᠦᠯᠬᠦ ᠶᠢ ᠠᠬᠢᠭᠤᠯᠤᠨ᠎ᠠ᠃ |