4 ᠰᠠᠷ᠎ᠠ ᠶᠢᠨ 9 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ | ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 223 ᠳ᠋ᠤᠭᠠᠷ ( ᠥᠷᠭᠡᠳᠬᠡᠭᠰᠡᠨ ) ᠬᠤᠷᠠᠯ ᠬᠤᠷᠠᠯᠳᠤᠪᠠ᠃ | | ᠬᠤᠷᠠᠯ ᠠᠴᠠ 《 ᠨᠢᠭᠡᠳᠦᠭᠡᠷ ᠭᠠᠷ 》 ᠪᠣᠯᠤᠨ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ ᠢ ᠤᠯᠠᠮᠵᠢᠯᠠᠨ ᠰᠤᠷᠤᠯᠴᠠᠪᠠ᠃ | ᠬᠡᠦᠷᠰᠢᠭᠦᠯᠬᠦ ᠲᠥᠷᠥᠯ ᠵᠦᠶᠯ ᠢ ᠡᠮᠬᠢᠯᠡᠨ ᠨᠡᠶᠢᠯᠡᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠤᠴᠢᠷ | ᠢ ᠰᠤᠳᠤᠯᠪᠠ᠃《 ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ | ᠤᠨ ᠵᠥᠪᠯᠡᠯ ᠤᠨ 2021 ᠣᠨ ᠤ ᠵᠥᠪᠯᠡᠬᠦ ᠠᠵᠢᠯ ᠤᠨ ᠲᠥᠯᠥᠪᠯᠡᠭᠡ ( ᠬᠢᠨᠠᠭᠤᠯᠬᠤ ᠨᠣᠤᠷᠠᠭ ) 》 ᠶᠢ | ᠰᠤᠳᠤᠯᠤᠨ ᠬᠢᠨᠠᠨ ᠵᠥᠪᠯᠡᠪᠡ᠃ 2020 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠰᠠᠯᠠᠭᠠᠨ ᠲᠡᠰ ᠤᠨ | ᠤᠳᠤᠷᠢᠳᠬᠤ ᠪᠠᠭ ᠤᠨ ᠪᠣᠳᠠᠲᠤ ᠠᠮᠵᠢᠯᠲᠠ ᠶᠢ ᠬᠢᠨᠠᠨ ᠰᠢᠯᠭᠠᠭᠰᠠᠨ ᠦᠷ᠎ᠡ ᠳ᠋ᠦᠩ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠬᠤᠷᠢᠶ᠎ᠠ ( ᠨᠠᠮ ᠤᠨ | ᠤᠳᠤᠷᠢᠳᠬᠤ ᠳᠤᠭᠤᠶᠢᠯᠠᠩ ) 《 ᠨᠢᠭᠡᠳᠦᠭᠡᠷ ᠭᠠᠷ 》 ᠪᠣᠯᠤᠨ ᠤᠳᠤᠷᠢᠳᠬᠤ ᠪᠠᠭ ᠤᠨ ᠬᠢᠨᠠᠯᠲᠠ ᠶᠢ | ᠴᠢᠩᠭᠠᠳᠬᠠᠬᠤ ᠶᠢᠨ ᠲᠤᠶᠢᠯ ᠤᠨ ᠴᠢᠬᠤᠯᠠ ᠴᠢᠨᠠᠷ ᠪᠣᠯᠤᠨ ᠠᠬᠤᠶᠢᠴᠢ ᠲᠤᠯᠭᠠᠮ ᠴᠢᠨᠠᠷ ᠢ ᠭᠦᠢᠴᠡᠳ ᠲᠠᠨᠢᠵᠤ᠂ | ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠴᠢᠩᠭᠠᠳᠬᠠᠵᠤ᠂ ᠠᠳᠠᠯᠢ ᠱᠠᠲᠤᠨ ᠤ | ᠬᠢᠨᠠᠯᠲᠠ ᠶᠢ ᠪᠣᠳᠠᠲᠠᠢ ᠨᠠᠷᠢᠯᠢᠭ ᠬᠢᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠯᠤᠰ ᠲᠦᠷᠦ ᠶᠢᠨ | ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ | ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠦᠢᠯᠡᠳᠦᠯᠭᠡᠵᠢᠭᠦᠯᠵᠦ | ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠲᠦᠷᠦᠭᠦᠯᠡᠨ ᠬᠠᠮᠠᠭᠠᠯᠠᠵᠤ᠂ ᠪᠦᠬᠦ ᠨᠠᠮ ᠤᠨ ᠠᠯᠬᠤᠭ᠎ᠠ ᠨᠢᠭᠡᠲᠡᠢ ᠤᠷᠤᠭᠰᠢᠯᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠬᠡᠦᠷᠰᠢᠭᠦᠯᠬᠦ ᠲᠥᠷᠥᠯ ᠵᠦᠢᠯ ᠢ ᠡᠮᠬᠢᠯᠡᠨ ᠨᠡᠶᠢᠯᠡᠭᠦᠯᠵᠦ ᠮᠡᠷᠭᠡᠵᠢᠯ ᠤᠨ ᠥᠭᠡᠷᠡᠴᠢᠯᠡᠯᠲᠡ ᠬᠢᠬᠦ ᠨᠢ | ᠬᠡᠦᠷᠰᠢᠭᠦᠯᠬᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ ᠪᠣᠬᠢᠷᠲᠤᠯ ᠦᠭᠡᠶ ᠬᠥᠭᠵᠢᠬᠦ ᠶᠢ | ᠠᠬᠢᠭᠤᠯᠵᠤ᠂ ᠬᠡᠦᠷᠰᠢᠭᠦᠯᠬᠦ ᠠᠵᠤ ᠦᠢᠯᠡᠰ ᠤᠨ ᠪᠦᠯᠦᠭᠵᠢᠬᠦ᠂ ᠬᠡᠪᠴᠢᠶᠡᠵᠢᠬᠦ᠂ ᠠᠵᠤ ᠦᠢᠯᠡᠰᠵᠢᠬᠦ ᠬᠥᠭᠵᠢᠯᠲᠡ | ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ ᠡᠮᠬᠢᠯᠡᠨ ᠨᠡᠶᠢᠯᠡᠭᠦᠯᠬᠦ ᠮᠡᠷᠭᠡᠵᠢᠯ ᠤᠨ | ᠥᠭᠡᠷᠡᠴᠢᠯᠡᠯᠲᠡ ᠶᠢᠨ ᠬᠡᠪᠴᠢᠶ᠎ᠡ ᠶᠢ ᠲᠦᠷᠭᠡᠳᠬᠡᠨ ᠲᠣᠳᠣᠷᠬᠠᠶᠢᠯᠠᠵᠤ᠂ ᠲᠥᠷᠥᠯ ᠵᠦᠶᠯ ᠢ ᠬᠡᠷᠡᠭᠵᠢᠭᠦᠯᠬᠦ ᠣᠷᠣᠨ | ᠪᠠᠶᠢᠷᠢ ᠶᠢ ᠰᠣᠩᠭᠤᠨ ᠲᠣᠭᠲᠠᠭᠠᠵᠤ᠂ ᠲᠥᠷᠥᠯ ᠵᠦᠶᠯ ᠤᠨ ᠲᠥᠰᠦᠯ ᠢ ᠵᠢᠷᠤᠭᠯᠠᠨ ᠲᠥᠯᠥᠪᠯᠡᠬᠦ ᠠᠷᠭ᠎ᠠ ᠮᠠᠶ᠋ᠢᠭ ᠢ | ᠲᠣᠭᠲᠠᠭᠠᠨ᠂ ᠲᠥᠷᠥᠯ ᠵᠦᠶᠯ ᠤᠨ ᠭᠠᠷᠳᠠᠮ ᠭᠦᠶᠴᠡᠳᠬᠡᠬᠦ ᠠᠵᠢᠯ ᠢ ᠲᠦᠷᠭᠡᠳᠬᠡᠬᠦ ᠬᠡᠷᠡᠭᠲᠡᠶ᠃ ᠨᠠᠮ ᠤᠨ ᠲᠡᠦᠬᠡ | ᠶᠢᠨ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠦᠯᠬᠦᠮᠳᠡᠯ ᠡᠶ᠎ᠡ ᠵᠣᠬᠢᠴᠠᠩᠭᠤᠢ ᠪᠠᠷ ᠬᠠᠷᠠᠯᠲᠠ ᠪᠣᠯᠭᠠᠵᠤ᠂ | ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠤᠳᠤᠷᠢᠳᠬᠤ ᠪᠠᠭ ᠤᠨ | ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ | ᠭᠡᠵᠤ ᠱᠠᠭᠠᠷᠳᠠᠪᠠ᠃ |