ᠲᠣᠰ ᠰᠠᠷ᠎ᠠ ᠠᠴᠠ 7 ᠰᠠᠷ᠎ᠠ ᠪᠣᠯᠲᠠᠯ᠎ᠠ᠂ ᠮᠠᠨ ᠤ ᠬᠤᠲᠠ ᠵᠠᠮ ᠬᠠᠷᠢᠯᠴᠠᠭᠠᠨ ᠤ ᠠᠮᠤᠷ ᠲᠦᠪᠰᠢᠨ ᠢ | ᠴᠡᠭᠴᠡᠯᠡᠨ ᠵᠠᠰᠠᠬᠤ ︽ᠳᠠᠯᠳᠠ ᠬᠡᠮ ᠢ ᠠᠷᠢᠯᠭᠠᠬᠤ᠂ ᠠᠳᠡᠯ ᠭᠠᠷᠬᠤ ᠶᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ︾ ᠵᠠᠭᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠦᠴᠦᠲᠡᠶ ᠬᠠᠮᠠᠭᠠᠯᠠᠬᠤ ᠪᠠᠷ ᠪᠣᠶ᠃ ᠵᠠᠮ | ᠬᠠᠷᠢᠯᠴᠠᠭᠠᠨ ᠤ ᠴᠠᠭᠳᠠᠭᠠᠨ ᠤ ᠰᠠᠯᠠᠭ᠎ᠠ ᠮᠥᠴᠢᠷ ᠤᠳ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ᠂ | ᠮᠠᠯᠵᠢᠬᠤ ᠲᠠᠷᠢᠶᠠᠯᠠᠬᠤ ᠣᠷᠣᠨ ᠤ ᠵᠠᠮ᠂ ᠥᠨᠳᠦᠷ ᠬᠤᠷᠳᠤᠴᠠᠲᠤ ᠵᠠᠰᠠᠮᠠᠯ ᠵᠠᠮ ᠢᠶᠠᠷ ᠭᠤᠤᠯᠳᠠᠯᠭ᠎ᠠ ᠪᠣᠯᠭᠠᠵᠤ᠂ | ᠰᠢᠨ᠎ᠡ ᠨᠢᠭᠡ ᠡᠭᠡᠯᠵᠢ ᠶᠢᠨ ᠵᠠᠮ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠲᠠᠢ ᠵᠠᠮ ᠤᠨ ᠬᠡᠰᠡᠭ ᠢ | ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠥᠷᠨᠢᠭᠦᠯᠦᠨ᠎ᠡ᠃ | ᠡᠭᠦᠨ ᠤ ᠬᠠᠮᠲᠤ᠂ ︽ᠮᠢᠩᠭᠠᠨ ᠲᠣᠬᠢᠶᠠᠨ ᠳ᠋ᠧᠩ ᠲᠦᠮᠡᠨ ᠬᠤᠷᠳᠤᠴᠠ ᠰᠠᠭᠠᠲᠠᠭᠤᠯᠤᠭᠴᠢ︾ ᠶᠢᠨ ᠵᠢᠱᠢᠶ᠎ᠡ | ᠦᠵᠡᠭᠦᠯᠬᠦ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ᠂ ︽ᠵᠠᠰᠠᠮᠠᠯ ᠵᠠᠮ ᠤᠨ ᠵᠠᠬ᠎ᠠ ᠳᠡᠯᠭᠡᠭᠦᠷ︾ ︽ᠵᠠᠮ ᠡᠵᠡᠯᠡᠨ | ᠳᠡᠯᠭᠡᠭᠡ ᠮᠠᠶᠢᠮᠠᠶ ᠬᠢᠬᠦ︾ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠳᠥᠯᠭᠢᠨ ᠠᠬᠢᠭᠤᠯᠤᠨ᠎ᠠ︔ | ︽ᠬᠤᠶᠠᠷ ᠠᠶᠠᠨᠴᠢᠳ ᠤᠨ ᠮᠠᠰᠢᠨ ᠲᠡᠷᠭᠡ᠂ ᠨᠢᠭᠡ ᠠᠶᠤᠯᠲᠤ ᠲᠡᠷᠭᠡ᠂ ᠨᠢᠭᠡ ᠪᠠᠷᠠᠭᠠᠨ ᠲᠡᠷᠭᠡ︾᠂ ᠬᠥᠳᠡᠭᠡ | ᠲᠣᠰᠬᠤᠨ ᠤ ᠮᠢᠶᠠᠨᠪᠣᠤ ᠲᠡᠷᠭᠡ᠂ ︽ᠡᠵᠡᠩᠨᠡᠯᠲᠡ ᠶᠢᠨ ᠪᠤᠰᠤ ᠮᠠᠰᠢᠨ ᠲᠡᠷᠭᠡ︾ ᠵᠡᠷᠭᠡ ᠭᠤᠤᠯᠳᠠᠯᠭ᠎ᠠ ᠲᠠᠢ ᠲᠡᠷᠭᠡ | ᠬᠥᠰᠬᠡ ᠶᠢᠨ ᠬᠡᠮ ᠰᠣᠭᠤᠭ ᠢ ᠠᠷᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ | ᠵᠢᠯᠣᠭᠤᠴᠢ ᠶᠢᠨ ᠲᠣᠭᠲᠠᠭᠰᠠᠨ ᠬᠤᠭᠤᠴᠠᠭᠠᠨ ᠳᠤ ᠬᠢᠨᠠᠨ ᠰᠢᠯᠭᠠᠬᠤ ᠨᠣᠷᠮ᠎ᠠ᠂ ᠬᠦᠴᠦᠨ ᠲᠠᠢ ᠬᠤᠭᠤᠴᠠᠭ᠎ᠠ ᠨᠢ | ᠳᠠᠭᠤᠰᠴᠤ ᠦᠨᠡᠮᠯᠡᠯ ᠰᠣᠯᠢᠬᠤ ᠨᠣᠷᠮ᠎ᠠ᠂ ᠪᠦᠷᠢᠨ ᠬᠤᠪᠢ ᠶᠢᠨ ᠰᠤᠷᠤᠯᠴᠠᠯᠭ᠎ᠠ ᠶᠢᠨ ᠨᠣᠷᠮ᠎ᠠ ᠶᠢ ᠪᠠᠷᠢᠮᠵᠢᠶ᠎ᠠ ᠳᠤ | ᠬᠦᠷᠦᠭᠦᠯᠬᠦ ᠶᠢ ᠪᠠᠲᠤᠯᠠᠵᠤ᠂ ᠭᠤᠤᠯᠳᠠᠯᠭ᠎ᠠ ᠲᠠᠢ ᠲᠡᠷᠭᠡ ᠪᠣᠯᠤᠨ ᠵᠢᠯᠣᠭᠤᠴᠢ ᠶᠢᠨ ︽ᠡᠪᠡᠳᠴᠢᠨ ᠲᠠᠢ ᠪᠠᠶᠢᠲᠠᠯ᠎ᠠ | ᠵᠠᠮ ᠳᠤ ᠭᠠᠷᠬᠤ︾ ᠠᠰᠠᠭᠤᠳᠠᠯ ᠢ ᠢᠯᠡᠳᠲᠡ ᠪᠠᠭᠠᠰᠬᠠᠨ᠎ᠠ︔ ᠮᠠᠰᠢᠨᠲᠤ ᠲᠡᠷᠭᠡ ᠶᠢ ᠪᠠᠶᠢᠴᠠᠭᠠᠨ ᠰᠢᠯᠭᠠᠬᠤ | ᠵᠢᠷᠤᠮᠵᠢᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠷᠭᠡ ᠬᠥᠰᠬᠡ᠂ ᠵᠢᠯᠣᠭᠤᠴᠢ ᠶᠢᠨ ᠣᠷᠣᠬᠤ | ᠪᠣᠭᠤᠮᠲᠠ ᠶᠢ ᠦᠨᠡᠨᠬᠦ ᠰᠠᠶᠢᠲᠤᠷ ᠡᠵᠡᠮᠳᠡᠬᠦ ᠬᠡᠷᠡᠭᠲᠡᠶ︔ ᠬᠠᠳᠠᠭᠠᠯᠠᠯᠲᠠ ᠶᠢᠨ ᠬᠡᠮᠵᠢᠶ᠎ᠡ ᠪᠠᠷ ᠶᠡᠭᠡ᠂ ᠳᠠᠯᠳᠠ ᠬᠡᠮ | ᠣᠯᠠᠨ ᠵᠢᠴᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠠᠮᠤᠷ ᠲᠦᠪᠰᠢᠨ ᠤ | ᠳᠠᠯᠳᠠ ᠬᠡᠮ ᠢ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠥᠬᠡᠶ ᠲᠡᠭᠡᠭᠡᠪᠦᠷᠢ ᠶᠢᠨ ᠠᠵᠤ | ᠠᠬᠤᠶᠢᠯᠠᠯ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ᠂ ᠵᠠᠷᠯᠢᠭᠳᠠᠵᠤ ᠪᠠᠶᠢᠭᠠᠳ ᠴᠡᠭᠴᠡᠯᠡᠨ | ᠰᠠᠶᠢᠵᠢᠷᠠᠭᠤᠯᠬᠤ᠂ ᠪᠠᠶᠢᠳᠠᠯ ᠢ ᠮᠡᠳᠡᠭᠡᠯᠡᠬᠦ᠂ ᠵᠠᠮ ᠳᠡᠭᠡᠷ᠎ᠡ ᠬᠠᠮᠢᠶᠠᠷᠤᠨ ᠡᠵᠡᠮᠳᠡᠬᠦ᠂ ᠵᠠᠮ ᠳᠤ ᠭᠠᠷᠬᠤ ᠶᠢ | ᠴᠠᠭᠠᠵᠠᠯᠠᠬᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠪᠠ ᠢᠲᠡᠭᠡᠮᠵᠢ ᠶᠢᠨ ᠬᠠᠮᠢᠶᠠᠷᠤᠯᠲᠠ ᠵᠡᠷᠭᠡ ᠠᠷᠭ᠎ᠠ | ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︽ᠵᠠᠭᠤᠨ ᠡᠳᠦᠷ ᠤᠨ ᠠᠵᠢᠯᠯᠠᠭ᠎ᠠ︾ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠴᠠᠭᠳᠠᠭ᠎ᠠ ᠶᠢᠨ | ᠰᠠᠯᠠᠭ᠎ᠠ ᠮᠥᠴᠢᠷ ᠤᠨ ᠬᠢᠨ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ | ᠬᠦᠴᠦᠨ ᠢᠶᠠᠷ ᠢᠶᠠᠨ ᠴᠡᠭᠴᠡᠯᠡᠨ ᠴᠡᠪᠡᠷᠯᠡᠵᠦ᠂ ᠴᠠᠭᠳᠠᠭ᠎ᠠ ᠶᠢ ᠣᠯᠵᠤ ᠦᠵᠡᠬᠦ ᠨᠣᠷᠮ᠎ᠠ᠂ ᠬᠡᠷᠡᠭ ᠶᠠᠪᠤᠳᠠᠯ ᠢ | ᠬᠠᠮᠢᠶᠠᠷᠬᠤ ᠨᠣᠷᠮ᠎ᠠ᠂ ᠪᠠᠶᠢᠴᠠᠭᠠᠨ ᠰᠢᠢᠳᠪᠦᠷᠢᠯᠡᠬᠦ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠩᠭᠤ ᠶᠢᠨ | ᠴᠢᠨᠠᠷᠲᠠᠶ ᠬᠠᠤᠯᠢ ᠬᠡᠷᠡᠭᠵᠢᠭᠦᠯᠬᠦ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ | ᠪᠦᠬᠦᠯᠢ ᠴᠣᠭᠴᠠ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ︔ ᠮᠠᠯᠵᠢᠬᠤ ᠲᠠᠷᠢᠶᠠᠯᠠᠬᠤ | ᠣᠷᠣᠨ ᠢᠶᠠᠷ ᠭᠤᠤᠯᠳᠠᠯᠭ᠎ᠠ ᠪᠣᠯᠭᠠᠵᠤ᠂ ᠨᠡᠶᠢᠭᠡᠮ ᠤᠨ ᠵᠠᠰᠠᠯᠲᠠ᠂ ᠳᠣᠲᠣᠭᠠᠳᠤ ᠶᠢᠨ ︽ᠳᠠᠯᠳᠠ ᠬᠦᠴᠦᠨ ᠢ | ᠠᠭᠤᠳᠠᠯᠬᠤ︾᠂ ᠰᠠᠭᠤᠷᠢ ᠪᠥᠲᠥᠭᠡᠨ ᠪᠠᠶᠢᠭᠤᠯᠤᠯᠲᠠ ᠵᠡᠷᠭᠡ ᠭᠤᠷᠪᠠᠨ ᠲᠠᠯ᠎ᠠ ᠠᠴᠠ ᠦᠷᠭᠦᠯᠵᠢᠯᠡᠨ ᠬᠦᠴᠦᠯᠡᠵᠦ᠂ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠨ᠎ᠠ᠃ ᠵᠠᠮ | ᠬᠠᠷᠢᠯᠴᠠᠭᠠᠨ ᠤ ᠴᠠᠭᠳᠠᠭᠠᠨ ᠤ ᠰᠠᠯᠠᠭ᠎ᠠ ᠮᠥᠴᠢᠷ ᠤᠨ ᠬᠢᠨ ᠨᠠᠷᠢᠯᠢᠭ ᠣᠨᠣᠴᠠᠲᠠᠶ ᠪᠠᠷ ᠰᠠᠨᠠᠭᠤᠯᠬᠤ᠂ ᠦᠷᠭᠦᠯᠵᠢᠯᠡᠨ | ᠢᠯᠡᠴᠢᠯᠡᠬᠦ ᠶᠢ ᠪᠠᠷᠢᠮᠲᠠᠯᠠᠵᠤ᠂ ︽ᠭᠤᠷᠪᠠ ᠶᠢ ᠨᠢᠭᠡ ᠴᠤᠭᠴᠠᠵᠢᠭᠤᠯᠬᠤ︾ ᠤᠬᠠᠭᠤᠯᠭ᠎ᠠ ᠶᠢᠨ ᠳᠠᠭᠠᠷᠢᠯᠲᠠ ᠶᠢᠨ | ᠪᠠᠶᠢᠳᠠᠯ ᠢ ᠤᠬᠠᠭᠤᠯᠤᠨ ᠬᠥᠲᠥᠯᠥᠨ ᠵᠢᠯᠣᠭᠤᠳᠴᠤ᠂ ᠤᠬᠠᠭᠤᠯᠭ᠎ᠠ ᠶᠢᠨ ᠰᠡᠷᠡᠮᠵᠢᠯᠡᠭᠦᠯᠬᠦ ᠬᠥᠮᠦᠵᠢᠯ ᠤᠨ | ᠬᠥᠲᠥᠯᠥᠨ ᠵᠢᠯᠣᠭᠤᠳᠬᠤ ᠠᠵᠢᠯ ᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠲᠤᠰᠬᠠᠶ ᠠᠵᠢᠯᠯᠠᠭ᠎ᠠ ᠳᠤ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠠ ᠬᠦᠴᠦᠷᠬᠡᠭ ᠶᠡᠭᠡ ᠰᠦᠷ ᠬᠦᠴᠦᠨ ᠢ ᠪᠤᠢ ᠪᠣᠯᠭᠠᠬᠤ ᠶᠢᠨ | ᠬᠠᠮᠲᠤ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠦᠴᠦᠨ ᠢ ᠠᠰᠢᠭᠯᠠᠨ᠂ ᠨᠡᠶᠢᠭᠡᠮ ᠤᠨ ᠠᠵᠤ ᠠᠬᠤᠶᠢᠯᠠᠯ ᠤᠨ | ᠬᠦᠴᠦᠨ ᠢ ᠪᠠᠳᠠᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠬᠤ᠂ ᠬᠠᠮᠵᠢᠯᠴᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠲᠦᠯᠬᠢᠨ | ᠠᠬᠢᠭᠤᠯᠤᠨ᠎ᠠ᠃ |