ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/12
     4 ᠰᠠᠷ᠎ᠠ ᠶᠢᠨ 8᠎ ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠪᠥᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠮᠠᠨ ᠤ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠤᠰᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠦᠸᠧ ᠵᠢᠶᠦ᠋ᠨ ᠶᠤᠸᠠᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠪᠠᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠡᠭᠦᠯᠡ ᠵᠢᠴᠢ ᠲᠡᠭᠦᠨ ᠤ ᠪᠦᠷᠢᠯᠳᠦᠬᠦᠨ ᠭᠡᠰᠢᠭᠦᠳ ᠬᠤᠷᠠᠯ ᠳᠤ ᠣᠷᠣᠯᠴᠠᠪᠠ᠃ ᠲᠠᠩ ᠢ ᠵᠢᠭᠠᠵᠤ ᠭᠠᠷᠭᠠᠭᠰᠠᠨ ᠨᠢ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠪᠠ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠲᠠᠪᠤᠨ ᠰᠢᠯᠭᠠᠷᠠᠭᠰᠠᠨ︾᠎ ᠲᠠᠢ ᠨᠢᠭᠲᠠ ᠤᠶᠠᠯᠳᠤᠭᠤᠯᠤᠨ᠂ ︽ᠳᠥᠷᠪᠡᠨ ᠵᠦᠢᠯ ᠤᠨ ᠡᠭᠦᠷᠭᠡ︾᠎ ᠶᠢ ᠳᠣᠪᠤᠶᠢᠯᠭᠠᠵᠤ᠂ ︽ᠭᠤᠷᠪᠠᠨ ᠭᠤᠭᠴᠤᠭ᠎ᠠ︾᠎ ᠶᠢ ᠰᠠᠶᠢᠲᠤᠷ ᠠᠳᠬᠤᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠳᠥᠯᠭᠢᠨ ᠠᠬᠢᠭᠤᠯᠬᠤ ᠬᠡᠷᠡᠭᠲᠡᠶ᠃      ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ︾᠎ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠨᠡᠩ ᠭᠦᠨᠵᠡᠭᠡᠢ ᠨᠢᠭᠡ ᠳᠠᠪᠬᠤᠷᠭ᠎ᠠ᠂ ᠨᠡᠩ ᠪᠣᠳᠠᠲᠠᠢ ᠨᠢᠭᠡ ᠠᠯᠬᠤᠮ ᠠᠬᠢᠭᠤᠯᠬᠤ ᠶᠢ ᠠᠬᠢᠭᠤᠯᠬᠤ ᠬᠡᠷᠡᠭᠲᠡᠢ᠃ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠲᠠᠢ ᠡᠭᠦᠷᠭᠡ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠭᠲᠠ ᠪᠠᠶᠢᠷᠢᠯᠠᠭᠤᠯᠤᠨ ᠲᠤᠬᠢᠷᠠᠭᠤᠯᠵᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭᠠᠳᠬᠠᠵᠤ᠂ ᠤᠯᠠᠨ ᠢ ᠲᠦᠢᠪᠡᠭᠡᠭᠰᠡᠳ ᠢ ᠡᠷᠡᠰ ᠢᠶᠠᠷ ᠴᠡᠪᠡᠷᠯᠡᠨ ᠠᠷᠢᠯᠭᠠᠵᠤ᠂ ᠠᠷᠬᠠᠭ ᠭᠡᠮ ᠢ ᠬᠦᠴᠦᠯᠡᠨ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ ᠡᠭᠦᠯᠡ ᠵᠢᠭᠠᠨ ᠭᠠᠷᠭᠠᠭᠰᠠᠨ ᠨᠢ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠭ ᠴᠢᠨᠠᠷ ᠢᠶᠠᠨ ᠡᠭᠦᠷᠢᠳᠡ ᠪᠠᠲᠤᠯᠠᠬᠤ ᠦᠵᠡᠯ ᠰᠠᠨᠠᠭᠠᠨ ᠤ ᠰᠠᠭᠤᠷᠢ ᠶᠢ ᠴᠢᠨᠠᠭᠰᠢᠳᠠ ᠪᠠᠲᠤᠳᠬᠠᠬᠤ ᠬᠡᠷᠡᠭᠲᠡᠢ᠃       ᠲᠦᠷᠦ ᠶᠢᠨ ᠪᠤᠳᠤᠯᠭ᠎ᠠ ᠶᠢ ᠣᠨᠣᠪᠴᠢᠲᠠᠢ ᠡᠵᠡᠮᠰᠢᠬᠦ ᠶᠢ ᠪᠠᠷᠢᠮᠲᠠᠯᠠᠵᠤ᠂ ︽ᠥᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ︾ ᠴᠢᠭᠯᠡᠯᠲᠡ ᠶᠢ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ︽ᠥᠪᠡᠷ ᠢᠶᠠᠨ ᠪᠠᠶᠢᠴᠠᠭᠠᠭᠰᠠᠨ ᠢ ᠠᠭᠤᠴᠢᠯᠠᠨ ᠰᠢᠳᠬᠡᠬᠦ᠂ ᠪᠠᠶᠢᠴᠠᠭᠠᠭᠳᠠᠭᠰᠠᠳ ᠢ ᠴᠢᠩᠭ᠎ᠠ ᠰᠢᠳᠬᠡᠬᠦ︾ ᠲᠦᠷᠦ ᠶᠢᠨ ᠪᠤᠳᠤᠯᠭ᠎ᠠ ᠶᠢ ᠬᠡᠷᠡᠭᠯᠡᠵᠦ᠂ ᠣᠯᠠᠩᠬᠢ ᠲᠣᠭᠠᠲᠠᠨ ᠢ ᠬᠥᠮᠦᠵᠢᠭᠦᠯᠵᠦ᠂ ᠲᠦᠢᠯ ᠤᠨ ᠴᠥᠭᠡᠨ ᠲᠣᠭᠠᠲᠠᠨ ᠢ ᠵᠠᠯᠬᠠᠭᠠᠨ ᠰᠢᠳᠬᠡᠵᠦ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠠᠷᠬᠠᠭ ᠭᠡᠮ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠨ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠥᠯᠥᠭᠡᠯᠡᠵᠦ ᠪᠠᠶᠢᠭ᠎ᠠ ᠤᠯᠠᠨ ᠡᠭᠦᠰᠬᠦ ᠴᠢᠨᠠᠷᠲᠠᠢ᠂ ᠮᠤᠵᠢᠭᠤᠳᠠ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠴᠡᠭᠴᠡᠯᠡᠨ ᠵᠠᠰᠠᠬᠤ ᠲᠥᠰᠦᠯ ᠢ ᠲᠣᠭᠲᠠᠭᠠᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠭᠦᠨᠵᠡᠭᠡᠢ ᠪᠥᠭᠡᠳ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠦ ᠶᠢᠨ ᠲᠠᠯ᠎ᠠ ᠪᠠᠷ ᠬᠢ ᠮᠡᠷᠭᠡᠨ ᠬᠥᠮᠦᠨ᠂ ᠰᠠᠬᠢᠯᠭ᠎ᠠ ᠪᠠᠲᠤ ᠶᠢᠨ ᠲᠠᠯ᠎ᠠ ᠪᠠᠷ ᠬᠢ ᠶᠣᠰᠣ ᠲᠦᠷᠢᠮ ᠲᠠᠢ ᠬᠥᠮᠦᠨ᠂ ᠦᠵᠡᠯ ᠰᠠᠨᠠᠭᠠᠨ ᠤ ᠲᠠᠯ᠎ᠠ ᠪᠠᠷ ᠬᠢ ᠰᠡᠷᠭᠡᠭ ᠬᠥᠮᠦᠨ ᠪᠣᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ᠂ ᠰᠢᠭᠤᠳ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠢᠯ ᠢᠶᠠᠨ ᠠᠬᠢᠭᠤᠯᠬᠤ ᠬᠡᠷᠡᠭᠲᠡᠢ᠃ ︽ᠨᠢᠭᠡ ᠰᠦᠪᠡᠭᠴᠢ᠂ ᠨᠢᠭᠡ ᠤᠳᠤᠷᠢᠳᠤᠯᠭ᠎ᠠ᠂ ᠨᠢᠭᠡ ᠲᠤᠰᠬᠠᠶ ᠠᠩᠭᠢ᠂ ᠨᠢᠭᠡ ᠢᠵᠢ ᠲᠥᠰᠦᠯ᠂ ᠡᠴᠦᠰ ᠲᠤᠨᠢ ᠲᠤᠯᠲᠠᠯ᠎ᠠ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ᠂ ᠰᠦᠪᠡᠭᠴᠢ ᠶᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠦᠨᠡᠨᠬᠦ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号