ᠥᠪᠥᠷ ᠮᠣᠩᠭᠤᠯ ᠤᠨ ᠰᠠᠢ ᠰᠧ  ᠫᠦ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠶᠢ ᠬᠠᠶᠢᠯᠤᠭᠤᠯᠤᠨ ᠰᠡᠷᠭᠦᠭᠡᠬᠦ ᠲᠥᠷᠥᠯ ᠵᠦᠶᠯ ᠲᠤᠷᠰᠢᠨ ᠦᠶᠯᠡᠳᠪᠦᠷᠢᠯᠡᠬᠦ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2021/4/13
     2021 ᠣᠨ ᠤ 4 ᠳ᠋ᠦ᠋ᠭᠡᠷ ᠰᠠᠷ᠎ᠠ ᠶᠢᠨ 12᠎ ᠤᠨ ᠡᠳᠦᠷ᠂ ᠦᠬᠠᠶ ᠬᠤᠲᠠ ᠶᠢᠨ ᠬᠠᠶᠢᠷᠤᠪ ᠤᠨ ᠲᠣᠬᠤᠶ ᠎ ᠶᠢᠨ ᠠᠵᠤ ᠦᠶᠯᠡᠳᠪᠦᠷᠢ ᠶᠢᠨ ᠬᠦᠷᠢᠶᠡᠯᠡᠩ ᠳᠤ ᠨᠤᠲᠤᠭᠰᠢᠭᠰᠠᠨ ᠥᠪᠥᠷ ᠮᠣᠩᠭᠤᠯ ᠤᠨ ᠰᠠᠶ ᠰᠧ ᠫᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 30 ᠲᠦᠮᠡᠨ ᠲᠣᠨ ᠤᠰᠤᠲᠥ᠋ᠷᠥᠭᠴᠢ ᠶᠢᠨ ᠰᠠᠭᠤᠷᠢ ᠬᠠᠶᠢᠯᠠᠭᠤᠯᠤᠨ ᠠᠩᠭᠢᠵᠢᠷᠠᠭᠤᠯᠬᠤ ᠠᠷᠭ᠎ᠠ ᠪᠠᠷ ᠴᠤᠯᠤ ᠴᠡᠪᠡᠷ ᠰᠢᠷᠠᠮᠤ ᠴᠢᠳᠬᠤᠬᠤ ᠲᠥᠷᠥᠯ ᠵᠦᠶᠯ ᠲᠤᠷᠰᠢᠨ ᠦᠶᠯᠡᠳᠪᠦᠷᠢᠯᠡᠬᠦ ᠱᠠᠲᠤᠨ ᠳᠤ ᠣᠷᠣᠪᠠ᠃      ᠲᠣᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 10 . 9 ᠳ᠋ᠦᠩᠰᠢᠭᠤᠷ ᠲᠥᠭᠦᠷᠢᠭ ᠪᠠᠶᠢᠵᠤ᠂ 160 ᠮᠥ ᠭᠠᠵᠠᠷ ᠡᠵᠡᠯᠡᠵᠦ ᠪᠣᠶ᠃ 2019 ᠣᠨ ᠳᠤ 9᠎ ᠶᠢ ᠡᠬᠢᠯᠡᠨ ᠪᠥᠲᠥᠭᠡᠨ ᠪᠠᠶᠢᠭᠤᠯᠤᠭᠰᠠᠨ ᠎ ᠠᠴᠠ ᠨᠠᠰᠢ᠂ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠥᠷᠥᠯ ᠵᠦᠶᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠣᠯᠠᠨ ᠤᠳᠠᠭ᠎ᠠ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠡᠯ᠎ᠡ ᠵᠦᠶᠯ ᠤᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠣᠶᠢᠯᠠᠭᠠᠵᠤ᠂ ᠲᠤᠬᠠᠶ ᠶᠢᠨ ᠲᠠᠯᠠᠪᠤᠷ ᠲᠤᠨᠢ ᠠᠵᠢᠯ ᠢᠶᠠᠨ ᠬᠤᠪᠢᠶᠠᠷᠢᠯᠠᠵᠤ᠂ ᠲᠤᠬᠠᠶ ᠶᠢᠨ ᠲᠠᠯᠠᠪᠤᠷ ᠲᠤᠨᠢ ᠰᠢᠶᠳᠪᠦᠷᠢᠯᠡᠪᠡ᠃ ᠣᠳᠣᠬᠠᠨ ᠳᠤ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠴᠥᠮ ᠨᠢᠭᠡᠨᠲᠡ ᠭᠦᠶᠴᠡᠳᠬᠡᠨ ᠳᠠᠭᠤᠰᠬᠠᠵᠤ᠂ ᠪᠦᠬᠦᠯᠢ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠲᠥᠬᠦᠭᠡᠷᠦᠮᠵᠢ ᠤᠭᠰᠠᠷᠠᠬᠤ ᠵᠢᠴᠢ ᠲᠣᠬᠢᠷᠠᠭᠤᠯᠤᠨ ᠲᠤᠷᠰᠢᠬᠤ ᠶᠢ ᠨᠢᠭᠡᠨᠲᠡ ᠪᠦᠬᠦᠨ ᠎ ᠢ ᠪᠡᠶᠡᠯᠡᠭᠦᠯᠵᠦ᠂ ᠲᠤᠷᠰᠢᠨ ᠦᠶᠯᠡᠳᠪᠦᠷᠢᠯᠡᠬᠦ ᠱᠠᠲᠤᠨ ᠳᠤ ᠣᠷᠣᠪᠠ᠃ ᠲᠠᠷᠠᠭᠠᠴᠢ ᠶᠢᠨ ᠠᠯᠬᠤᠮ ᠳᠤ ᠲᠣᠰ ᠲᠥᠷᠥᠯ ᠵᠦᠶᠯ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ᠎ᠠ᠃      ᠲᠣᠰ ᠲᠥᠷᠥᠯ ᠵᠦᠶᠯ ᠤᠨ ᠦᠶᠯᠡᠳᠪᠦᠷᠢᠯᠡᠭᠰᠡᠨ ᠳᠡᠭᠡᠳᠦ ᠴᠡᠪᠡᠷ ᠰᠢᠷᠠᠮᠤ ᠶᠢ ᠭᠤᠤᠯᠳᠠᠭᠤ ᠰᠠᠯᠬᠢᠨ ᠬᠦᠴᠦᠨ ᠎ ᠤ ᠴᠠᠬᠢᠯᠭᠠᠨ᠂ ᠴᠥᠮ᠎ᠡ ᠶᠢᠨ ᠴᠠᠬᠢᠯᠭᠠᠨ᠂ ᠳᠡᠭᠡᠳᠦ ᠬᠤᠷᠳᠤᠴᠠᠲᠤ ᠲᠡᠮᠦᠷ ᠵᠠᠮ᠂ ᠣᠩᠭᠤᠴᠠ ᠰᠠᠯ᠂ ᠮᠠᠰᠢᠨ ᠲᠡᠷᠭᠡ ᠵᠡᠷᠭᠡ ᠠᠵᠢᠯ ᠲᠥᠷᠥᠯ ᠳᠤ ᠬᠡᠷᠡᠭᠯᠡᠨ᠎ᠡ᠃ ᠲᠥᠷᠥᠯ ᠵᠦᠶᠯ ᠪᠥᠬᠦ ᠲᠠᠯ᠎ᠠ ᠪᠠᠷ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠶᠯᠡᠳᠬᠦᠨ ᠤ ᠥᠷᠲᠡᠭ ᠢ 20 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠎ ᠶᠢ 2 . 8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 200 ᠬᠥᠮᠦᠨ ᠳᠤ ᠠᠵᠢᠯ ᠣᠯᠭᠤᠨ᠎ᠠ᠃ ᠬᠤᠯᠪᠣᠭᠳᠠᠯ ᠪᠥᠬᠦᠶ ᠪᠠᠷᠠᠭᠠᠨ ᠤ ᠭᠦᠶᠯᠭᠡᠭᠡ᠂ ᠡᠨᠧᠷᠭᠢ ᠵᠢᠴᠢ ᠬᠤᠯᠪᠣᠭᠳᠠᠯ ᠪᠥᠬᠦᠶ ᠳᠡᠭᠡᠳᠦ ᠳᠣᠤᠷᠠᠳᠤ ᠤᠷᠤᠰᠬᠠᠯ ᠤᠨ ᠠᠵᠤ ᠦᠶᠯᠡᠰ ᠤᠨ ᠬᠥᠭᠵᠢᠯᠲᠡ ᠶᠢ ᠳᠠᠶᠢᠴᠢᠯᠠᠭᠰᠠᠨ ᠢᠶᠠᠷ ᠪᠠᠷᠠᠬᠤ ᠥᠬᠡᠶ᠂ ᠪᠠᠰᠠ ᠲᠤᠬᠠᠶ ᠶᠢᠨ ᠭᠠᠵᠠᠷ ᠲᠤ ᠤᠯᠠᠮᠵᠢᠯᠠᠯᠲᠤ ᠠᠵᠤ ᠦᠶᠯᠡᠰ ᠤᠨ ᠲᠠᠰ ᠳᠡᠪᠰᠢᠬᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠰᠣᠯᠢᠭᠳᠠᠬᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ ᠵᠢᠱᠢᠶ᠎ᠡ ᠦᠵᠡᠭᠦᠯᠬᠦ ᠦᠶᠯᠡᠳᠦᠯ ᠦᠵᠡᠭᠦᠯᠤᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号