ᠬᠠᠶᠢᠷᠤᠪ ᠤᠨ ᠲᠤᠬᠤᠢ ᠲᠤᠭᠤᠷᠢᠭ ᠤᠨ ᠲᠠᠯ᠎ᠠ ᠨᠤᠲᠤᠭ ᠤᠨ ᠨᠣᠮ ᠤᠨ ᠦᠷᠤᠭᠡᠨ ᠳᠤ ᠨᠠᠮ ᠤᠨ ᠲᠡᠦᠬᠡ ᠰᠤᠷᠤᠯᠴᠠᠬᠤ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2021/4/13
  《 ᠬᠤᠪᠢᠰᠬᠠᠯ ᠤᠨ ᠤᠴᠢ ᠶᠢ ᠰᠠᠴᠤᠭᠰᠠᠨ ᠪᠢᠴᠢᠬᠠᠨ ᠤᠯᠠᠭᠠᠨ ᠣᠩᠭᠤᠴᠠ ᠠᠴᠠ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠬᠦᠳᠦᠯᠥᠨ ᠳᠠᠭᠠᠭᠤᠯᠬᠤ ᠰᠦᠷᠯᠢᠭ ᠲᠤᠮᠤ ᠬᠥᠯᠭᠡ ᠣᠩᠭᠤᠴᠠ ᠬᠦᠷᠲᠡᠯ᠎ᠡ᠂ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠮᠠᠨ ᠤ ᠨᠠᠮ ᠠᠷᠠᠳ ᠲᠦᠮᠡᠨ ᠢ ᠤᠳᠤᠷᠢᠳᠤᠨ ᠳᠡᠯᠡᠬᠡᠢ ᠳ᠋ᠠᠬᠢᠨ ᠤ ᠠᠩᠬᠠᠷᠤᠯ ᠎ ᠢ ᠲᠠᠲᠠᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠣᠯᠵᠤ᠂ ᠰᠦᠷ ᠳᠠᠯᠠᠶᠢᠴᠠᠲᠠᠢ ᠲᠡᠦᠬᠡ ᠶᠢᠨ ᠬᠠᠭᠤᠳᠠᠰᠤ ᠶᠢ ᠪᠢᠴᠢᠭᠯᠡᠪᠡ 》 ᠲᠦᠷᠦᠭᠦᠬᠡᠨ᠂ ᠨᠣᠮ ᠤᠩᠰᠢᠬᠤ ᠲᠠᠭᠤᠨ᠂ ᠬᠠᠯᠠᠭᠤᠨ ᠶᠠᠷᠢᠯᠴᠠᠭ᠎ᠠ ᠶᠢᠨ ᠲᠠᠭᠤᠨ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ 《 ᠲᠠᠯ᠎ᠠ ᠨᠤᠲᠤᠭ ᠤᠨ ᠨᠣᠮ ᠤᠨ ᠦᠷᠦᠭᠡ 》᠎ ᠠᠴᠠ ᠬᠠᠩᠬᠢᠨᠠᠭᠳᠠᠨ᠂ 3 ᠰᠠᠷ᠎ᠠ ᠠᠴᠠ ᠨᠠᠭᠠᠰᠢ᠂ ᠬᠠᠶᠢᠷᠤᠪ ᠤᠨ ᠲᠤᠬᠤᠢ ᠲᠣᠭᠤᠷᠢᠭ ᠤᠨ 15 《 ᠲᠠᠯ᠎ᠠ ᠨᠤᠲᠤᠭ ᠤᠨ ᠨᠣᠮ ᠤᠨ ᠦᠷᠦᠭᠡ 》᠎ ᠳᠤ ᠪᠠᠶᠠᠯᠢᠭ ᠰᠠᠶᠢᠬᠠᠨ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠥᠷᠨᠢᠯᠲᠡ ᠭᠠᠷᠪᠠ᠃
    《 ᠲᠠᠯ᠎ᠠ ᠨᠤᠲᠤᠭ ᠤᠨ ᠨᠣᠮ ᠤᠨ ᠦᠷᠦᠭᠡ 》᠎ ᠳᠤ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠵᠠᠯᠠᠭᠤᠴᠤᠳ ᠪᠠᠭᠠᠴᠤᠳ ᠵᠡᠷᠭᠡ ᠤᠯᠠᠨ ᠲᠦᠮᠡᠨ ᠬᠦᠷᠢᠶᠡᠯᠡᠨ ᠰᠠᠭᠤᠵᠤ᠂ ᠬᠤᠪᠢᠰᠬᠠᠯ ᠤᠨ ᠰᠣᠩᠭᠤᠳᠠᠭ ᠦᠯᠢᠭᠡᠷ ᠎ ᠢ ᠲᠠᠬᠢᠨ ᠤᠩᠰᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠎ ᠶᠢ ᠲᠠᠬᠢᠨ ᠡᠷᠭᠢᠴᠡᠭᠦᠯᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢᠬᠢ ᠬᠥᠭᠵᠢᠯᠲᠡ ᠬᠤᠪᠢᠷᠠᠯᠲᠠ ᠶᠢ ᠭᠦᠨᠵᠡᠭᠡᠢ ᠮᠡᠳᠡᠷᠡᠵᠦ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠢᠬᠦ᠂ ᠨᠠᠮ ᠎ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠶᠢ ᠪᠡᠶᠡᠯᠡᠭᠦᠯᠵᠦ᠂ ᠡᠭᠦᠨ ᠤ ᠳᠤᠮᠳᠠ ᠠᠴᠠ ᠡᠷᠡᠮᠡᠬᠡᠶᠢᠯᠡᠨ ᠤᠷᠤᠭᠰᠢᠯᠠᠬᠤ ᠬᠦᠴᠦᠨ ᠴᠢᠳᠠᠯ ᠢ ᠣᠯᠵᠠᠢ᠃ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠬᠦᠴᠦᠯᠡᠨ ᠡᠬᠢᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠤᠭᠲᠤᠶ᠎ᠠ᠃      ᠪᠦᠬᠦ ᠠᠷᠠᠳ ᠢᠶᠠᠷ ᠢᠶᠠᠨ ᠲᠡᠦᠬᠡ ᠰᠤᠷᠤᠯᠴᠠᠬᠤ 《 ᠰᠢᠨ᠎ᠡ ᠬᠡᠪ ᠰᠤᠷᠲᠠᠯ 》᠃ ᠬᠠᠶᠢᠷᠤᠪ ᠤᠨ ᠲᠤᠬᠤᠢ ᠲᠣᠭᠤᠷᠢᠭ ᠲᠠᠯ᠎ᠠ ᠨᠤᠲᠤᠭ ᠤᠨ ᠨᠣᠮ ᠤᠨ ᠦᠷᠦᠬᠡ ᠶᠢᠨ ᠵᠢᠭᠰᠠᠭᠠᠯ ᠤᠨ ᠭᠠᠵᠠᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯᠢ ᠪᠤᠰᠤ ᠬᠥᠮᠦᠰ ᠤᠨ ᠲᠣᠭᠤᠷᠢᠨ ᠳᠤ ᠤᠨᠤᠯ ᠤᠨ ᠤᠬᠠᠭᠤᠯᠭ᠎ᠠ᠂ ᠰᠣᠩᠭᠤᠳᠠᠭ ᠪᠦᠲᠦᠭᠡᠯ ᠤᠨ ᠤᠷᠠᠨ ᠲᠣᠳᠣ ᠤᠩᠰᠢᠯᠭ᠎ᠠ ᠵᠡᠷᠭᠡ ᠤᠩᠰᠢᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠢ ᠬᠦᠳᠦᠯᠦᠨ ᠳᠠᠭᠠᠭᠤᠯᠵᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠎ ᠠᠴᠠ ᠡᠬᠢᠯᠡᠨ ᠬᠢᠵᠦ᠂ 《 ᠨᠣᠮ ᠤᠩᠰᠢᠬᠤ ᠳᠤᠷᠠᠲᠠᠢ᠂ ᠢᠯᠡᠭᠦᠦ ᠨᠣᠮ ᠤᠩᠰᠢᠬᠤ᠂ ᠰᠠᠶᠢᠨ ᠨᠣᠮ ᠤᠩᠰᠢᠬᠤ 》 ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠬᠠᠶᠢᠷᠤᠪ ᠤᠨ ᠲᠤᠬᠤᠢ ᠲᠣᠭᠤᠷᠢᠭ ᠤᠨ ᠥᠨᠴᠥᠭ ᠪᠤᠯᠤᠩ ᠪᠦᠷᠢ ᠳᠤ ᠪᠦᠷᠬᠦᠭᠦᠯᠵᠦ᠂ ᠤᠯᠠᠨ ᠢ ᠲᠡᠦᠬᠡ ᠰᠤᠷᠴᠤ ᠰᠢᠨ᠎ᠡ ᠵᠢᠳᠬᠦᠯ ᠭᠠᠷᠭᠠᠵᠤ᠂ 《 ᠪᠦᠬᠦ ᠠᠷᠠᠳ ᠎ ᠢᠶᠠᠷ ᠢᠶᠠᠨ ᠨᠠᠮ ᠤᠨ ᠲᠡᠦᠬᠡ ᠰᠤᠷᠤᠯᠴᠠᠬᠤ 》 ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃
     ᠠᠬᠠᠮᠠᠳ ᠵᠠᠯᠠᠭᠤ ᠬᠤᠤᠰᠯᠠᠵᠤ᠂ 《 ᠡᠭᠦᠷᠢᠳᠡ ᠤᠯᠠᠮᠵᠢᠯᠠᠨ᠎ᠠ 》᠃ ᠲᠠᠯ᠎ᠠ ᠨᠤᠲᠤᠭ ᠤᠨ ᠨᠣᠮ ᠤᠨ ᠥᠷᠥᠭᠡ ᠳᠤ ᠲᠦᠰᠢᠭᠯᠡᠨ ᠨᠠᠮ ᠤᠨ ᠲᠡᠦᠬᠡ ᠶᠢ ᠤᠯᠠᠮᠵᠢᠯᠠᠵᠤ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃  ᠳ᠋ᠦᠩ ᠱᠠᠨ‌ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠯᠢᠦ ᠵᠧᠨ ᠷᠦᠩ ᠪᠣᠯ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠠᠶᠢᠩᠭᠤ ᠶᠢᠨ ᠵᠣᠴᠢᠨ ᠪᠣᠯᠤᠨ᠎ᠠ᠂ ᠲᠡᠷᠡ ᠴᠢᠯᠥᠭᠡ ᠲᠠᠢ ᠪᠣᠯᠤᠭᠰᠠᠭᠠᠷ ᠨᠣᠮ ᠤᠨ ᠥᠷᠥᠭᠡ ᠠᠴᠠ ᠨᠣᠮ ᠵᠢᠭᠡᠯᠡᠳᠡᠭ᠃ ᠵᠠᠷᠢᠮ ᠳᠠᠭᠠᠨ ᠲᠡᠷᠡ ᠪᠠᠰᠠ ᠵᠠᠯᠠᠭᠤᠴᠤᠳ ᠲᠤ ᠨᠠᠮ ᠎ ᠤᠨ ᠲᠡᠦᠬᠡ ᠶᠢᠨ ᠦᠯᠢᠬᠡᠷ ᠢ ᠶᠠᠷᠢᠵᠤ᠂ ᠬᠤᠪᠢᠰᠬᠠᠯᠲᠤ ᠵᠣᠬᠢᠶᠠᠯ ᠢ ᠤᠩᠰᠢᠵᠤ ᠥᠭᠬᠦ ᠶᠢᠨ ᠬᠠᠮᠲᠤ ᠵᠠᠯᠠᠭᠤ ᠺᠠᠳ᠋ᠷᠴᠤᠳ ᠲᠠᠢ ᠰᠡᠳᠬᠢᠯ ᠤᠨ ᠳᠦᠷᠦᠭᠳᠡᠯ ᠢᠶᠠᠨ ᠰᠣᠯᠢᠯᠴᠠᠵᠤ᠂ 《 ᠠᠬᠠᠮᠠᠳ ᠵᠠᠯᠠᠭᠤᠴᠤᠳ ᠬᠤᠣᠰᠯᠠᠯ ᠪᠣᠯᠤᠯᠴᠠᠵᠤ 》 ᠬᠠᠮᠲᠤ ᠪᠠᠷ ᠬᠤᠪᠢᠰᠬᠠᠯ ᠤᠨ ᠬᠥᠮᠦᠵᠢᠯ ᠬᠦᠷᠲᠡᠭᠡᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠳᠠᠭ᠃       ᠬᠡᠦᠬᠡᠳ ᠤᠨ ᠰᠡᠳᠬᠢᠯᠲᠦ ᠬᠡᠦᠬᠡᠳ ᠤᠨ ᠪᠢᠷ 《 ᠣᠭ ᠰᠠᠨᠠᠭ᠎ᠠ ᠪᠠᠨ ᠵᠢᠷᠤᠭᠯᠠᠶ᠎ᠠ 》᠃ ᠭᠠᠯ ᠤᠯᠠᠭᠠᠨ ᠨᠠᠮ ᠤᠨ ᠲᠤᠭ᠂ ᠭᠠᠯ ᠤᠯᠠᠭᠠᠨ ᠪᠦᠴᠡ᠂ ᠪᠠᠰᠠ ᠭᠢᠯᠠᠯᠵᠠᠮ᠎ᠠ ᠤᠯᠠᠭᠠᠨ ᠣᠳᠣᠳ ᠪᠠᠶᠢᠯ᠎ᠠ᠂ 4 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ  ᠴᠡᠭᠡᠯ ᠠᠭᠤᠯᠠ ᠪᠠᠯᠭᠠᠰᠤ ᠶᠢᠨ ᠰᠢᠨ ᠹᠧᠩ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ ᠶᠢᠨ ᠨᠢᠭᠡ ᠤᠳᠠᠭ᠎ᠠ ᠶᠢᠨ 《 ᠬᠡᠦᠬᠡᠳ ᠤᠨ ᠰᠡᠳᠬᠢᠯ ᠨᠢ ᠨᠠᠮ ᠤᠨ ᠲᠡᠦᠬᠡ ᠳᠤ ᠥᠨᠢᠳᠡ ᠤᠯᠠᠮᠵᠢᠯᠠᠭᠳᠠᠨ᠎ᠠ 》 ᠭᠡᠬᠦ ᠠᠵᠢᠯᠯᠠᠭ᠎ᠠ ᠳᠡᠭᠡᠷ᠎ᠡ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠠᠢ ᠪᠦᠯᠬᠦᠮᠳᠡᠵᠦ ᠥᠪᠡᠷ ᠤᠨ ᠭᠠᠷ ᠲᠠᠬᠢ ᠵᠢᠷᠤᠭ ᠤᠨ ᠪᠢᠷ ᠢᠶᠠᠷ ᠢᠶᠠᠨ ᠲᠡᠳᠡᠨ ᠤ ᠰᠡᠳᠬᠢᠯ ᠵᠢᠷᠦᠬᠡᠨ ᠤ ᠳᠤᠯᠠᠭᠠᠨ ᠤᠯᠠᠭᠠᠨ ᠬᠦᠰᠡᠯ ᠡᠷᠡᠮᠡᠯᠵᠡᠯ ᠪᠣᠯᠤᠨ 《 ᠬᠡᠦᠬᠡᠳ ᠤᠨ ᠰᠡᠳᠬᠢᠯ ᠨᠢ ᠨᠠᠮ ᠳᠤ ᠬᠠᠨᠳᠤᠨ᠎ᠠ 》 ᠭᠡᠬᠦ ᠴᠢᠩ ᠰᠡᠳᠬᠢᠯ ᠤᠨ ᠵᠥᠩᠨᠡᠯ ᠢᠶᠠᠨ ᠢᠯᠡᠳᠬᠡᠪᠡ᠃     ᠲᠠᠯ᠎ᠠ ᠨᠤᠲᠤᠭ ᠤᠨ ᠨᠣᠮ ᠤᠨ ᠥᠷᠥᠭᠡ ᠨᠢ ᠨᠠᠮ ᠤᠨ ᠭᠡᠰᠢᠭᠦᠨ ᠤ ᠬᠤᠪᠢᠰᠬᠠᠯ ᠤᠨ 〈 ᠴᠠᠬᠢᠯᠭᠠᠨ ᠴᠡᠨᠡᠭᠯᠡᠬᠦ ᠥᠷᠲᠡᠭᠡ 〉 ᠪᠣᠯᠬᠤ ᠪᠠᠷ ᠪᠠᠷᠠᠬᠤ ᠥᠬᠡᠶ᠂ ᠨᠠᠩ ᠴᠤ ᠨᠠᠮ ᠤᠨ ᠲᠡᠦᠬᠡ ᠶᠢᠨ ᠬᠥᠮᠦᠵᠢᠯ ᠤᠨ 〈 ᠠᠬᠤᠶ ᠪᠠᠶᠢᠳᠠᠯ ᠤᠨ ᠬᠢᠴᠢᠶᠡᠯ ᠤᠨ ᠲᠠᠩᠬᠢᠮ 〉 ᠪᠣᠯᠵᠠᠶ᠃ ᠳᠠᠷᠠᠭᠠᠴᠢ ᠶᠢᠨ ᠠᠯᠬᠤᠮ ᠳᠤ ᠬᠠᠶᠢᠷᠤᠪ ᠤᠨ ᠲᠤᠬᠤᠢ ᠲᠣᠭᠤᠷᠢᠭ ᠤᠨ 《 ᠲᠠᠯ᠎ᠠ ᠨᠤᠲᠤᠭ ᠤᠨ ᠨᠣᠮ ᠤᠨ ᠦᠷᠦᠭᠡ 》 ᠪᠠᠶᠢᠩᠭᠤᠵᠢᠬᠰᠠᠨ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠰᠢᠨ᠎ᠡ ᠶᠢ ᠡᠭᠦᠳᠬᠦ ᠤᠨᠤᠯ ᠢ ᠤᠯᠠᠨ ᠲᠦᠮᠡᠨ ᠳᠤ ᠤᠢᠢᠷᠠᠲᠤᠭᠤᠯᠵᠦ᠂ ᠤᠯᠠᠨ ᠲᠦᠮᠡᠨ ᠳᠤ ᠨᠠᠮ ᠤᠨ ᠲᠡᠦᠬᠡ ᠶᠢ ᠤᠢᠢᠯᠠᠭᠠᠭᠤᠯᠬᠤ ᠪᠣᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠬᠡᠪ ᠵᠠᠩᠰᠢᠯ ᠪᠣᠯᠭᠠᠵᠤ᠂ ᠲᠠᠷᠢᠬᠢᠨ ᠳᠤ ᠬᠠᠳᠠᠩᠰᠢᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号