ᠣᠶᠢᠷ᠎ᠠ ᠶᠢᠨ ᠵᠢᠯ ᠳᠤ᠂ ᠮᠠᠨ ᠤ ᠬᠤᠲᠠ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠬᠦ ᠶᠢ ᠬᠥᠳᠡᠭᠡ | ᠲᠣᠰᠬᠤᠨ ᠤ ᠠᠵᠤ ᠠᠬᠤᠶ ᠶᠢ ᠬᠥᠭᠵᠢᠭᠦᠯᠬᠦ ᠰᠠᠭᠤᠷᠢ ᠨᠥᠬᠦᠴᠡᠯ ᠪᠣᠯᠭᠠᠵᠤ᠂ ︽ᠬᠥᠳᠡᠭᠡ ᠲᠣᠰᠬᠤᠨ ᠤ ᠳᠥᠷᠪᠡᠨ | ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠯᠤᠭ᠎ᠠ ᠬᠠᠷᠢᠯᠴᠠᠨ ᠤᠶᠠᠯᠳᠤᠭᠤᠯᠵᠤ᠂ ᠠᠵᠢᠯ ᠤᠨ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠠᠬᠢᠭᠤᠯᠵᠤ᠂ ᠥᠷᠭᠡᠨ ᠣᠯᠠᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠴᠢᠨᠡᠭᠡᠯᠢᠭᠵᠢᠬᠦ | ᠬᠦᠰᠡᠯ ᠢᠶᠠᠨ ᠪᠡᠶᠡᠯᠡᠭᠦᠯᠬᠦ ᠳᠤ ᠬᠦᠴᠦᠲᠡᠶ ᠵᠠᠮ ᠲᠡᠭᠡᠭᠡᠪᠦᠷᠢ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠰᠢ᠂ ᠮᠠᠨ ᠤ ᠬᠤᠲᠠ ᠶᠢᠨ ᠡᠯ᠎ᠡ | ᠱᠠᠲᠤᠨ ᠤ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠠ | ᠲᠣᠬᠢᠶᠠᠯᠳᠤ ᠬᠤᠭᠤᠴᠠᠭ᠎ᠠ ᠶᠢ ᠭᠦᠢᠴᠡᠳ ᠵᠠᠪᠳᠤᠨ ᠠᠳᠬᠤᠵᠤ᠂ ᠳᠡᠭᠡᠳᠦ ᠱᠠᠲᠤᠨ ᠤ ᠨᠥᠬᠦᠪᠥᠷᠢ ᠶᠢᠨ ᠪᠠᠯᠠ | ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ | ᠦᠢᠯᠡᠳᠦᠯ ᠢ ᠪᠠᠳᠠᠷᠠᠭᠤᠯᠤᠨ᠂ ᠪᠥᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠤᠷ ᠤᠨ ᠪᠦᠲᠦᠴᠡ | ᠪᠠ ᠮᠡᠷᠭᠡᠵᠢᠯ ᠤᠨ ᠪᠠᠶᠢᠳᠠᠯ ᠢ ᠴᠢᠷᠮᠠᠶᠢᠨ ᠰᠠᠶᠢᠵᠢᠷᠠᠭᠤᠯᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ | ᠲᠠᠷᠢᠶᠠᠯᠠᠬᠤ ᠣᠷᠣᠨ ᠤ ᠵᠠᠰᠠᠮᠠᠯ ᠵᠠᠮ 267.4 ᠺᠢᠯᠣᠮᠧᠳ᠋ᠷ ᠲᠤ ᠬᠦᠷᠴᠦ᠂ 3.8 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠨᠢᠭᠡ ᠪᠦᠯᠦᠭ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ | ᠦᠢᠯᠡᠰ ᠤᠨ ᠵᠠᠮ ᠢ ᠪᠥᠲᠥᠭᠡᠨ ᠪᠠᠶᠢᠭᠤᠯᠵᠤ᠂ ᠮᠠᠨ ᠤ ᠬᠤᠲᠠ ᠶᠢᠨ ᠳᠠᠷᠢᠵᠤ ᠲᠡᠵᠢᠭᠡᠬᠦ ᠦᠢᠯᠡᠰ᠂ ᠠᠶᠠᠨᠴᠢᠳ ᠪᠠ | ᠪᠠᠷᠠᠭᠠᠨ ᠤ ᠲᠡᠭᠡᠭᠡᠪᠦᠷᠢ᠂ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠪᠦᠲᠦᠮᠵᠢᠲᠡᠶ ᠪᠠᠷ | ᠳᠠᠶᠢᠴᠢᠯᠠᠪᠠ᠃ | 2019 ᠣᠨ ᠳᠤ᠂ ᠮᠠᠨ ᠤ ᠬᠤᠲᠠ ︽ᠦᠬᠠᠶ ᠬᠤᠲᠠ ᠶᠢᠨ ︿ᠬᠥᠳᠡᠭᠡ ᠲᠣᠰᠬᠤᠨ ᠤ ᠳᠥᠷᠪᠡᠨ ᠰᠠᠶᠢᠨᠲᠠᠶ | ᠵᠠᠮ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠭᠤᠷᠪᠠᠨ ᠲᠣᠭᠤᠷᠢᠭ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠠᠭᠪᠤᠷ ᠢ ᠲᠠᠰᠤᠷᠠᠯᠲᠠ ᠥᠬᠡᠶ | ᠰᠦᠪᠡᠭᠴᠢᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | 2020 ᠣᠨ ᠳᠤ᠂ ᠮᠠᠨ ᠤ ᠬᠤᠲᠠ ︽ᠦᠬᠠᠶ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠭᠤᠷᠪᠠᠨ | ᠲᠣᠭᠤᠷᠢᠭ ᠤᠨ ︽ᠵᠠᠮ ᠤᠨ ᠳᠠᠷᠤᠭ᠎ᠠ ᠶᠢᠨ ᠲᠦᠷᠢᠮ︾ ᠤᠨ ᠥᠭᠡᠷᠡᠴᠢᠯᠡᠯᠲᠡ ᠶᠢ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠭᠰᠠᠨ ᠤ ᠬᠠᠮᠲᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ | ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠠᠵᠢᠯ ᠢ ᠰᠠᠶᠢᠲᠤᠷ ᠬᠢᠬᠦ ᠳᠤ ᠪᠣᠳᠠᠲᠠᠶ ᠠᠷᠭ᠎ᠠ ᠬᠡᠮᠵᠢᠶ᠎ᠡ ᠪᠠ | ᠱᠠᠭᠠᠷᠳᠠᠯᠭ᠎ᠠ ᠳᠤᠷᠠᠳᠪᠠ᠃ | 2020 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠬᠤᠲᠠ ᠶᠢᠨ ᠬᠥᠳᠡᠭᠡ ᠲᠣᠰᠬᠤᠨ ᠤ ᠵᠠᠰᠠᠮᠠᠯ | ᠵᠠᠮ ᠤᠨ ᠣᠷᠳᠣ ᠨᠡᠶᠢᠲᠡ 674 ᠺᠢᠯᠣᠮᠧᠳ᠋ᠷ ᠲᠤ ᠬᠦᠷᠴᠡᠶ᠃ ᠡᠭᠦᠨ ᠳᠤ ᠰᠢᠶᠠᠨ ᠤ ᠵᠠᠮ 231 ᠺᠢᠯᠣᠮᠧᠳ᠋ᠷ᠂ | ᠰᠢᠶᠠᠩ ᠤᠨ ᠵᠠᠮ 142 ᠺᠢᠯᠣᠮᠧᠳ᠋ᠷ᠂ ᠲᠣᠰᠬᠤᠨ ᠤ ᠵᠠᠮ 301 ᠺᠢᠯᠣᠮᠧᠳ᠋ᠷ ᠪᠠᠶᠢᠨ᠎ᠠ᠃ ᠪᠥᠬᠦ ᠬᠤᠲᠠ ᠶᠢᠨ 14 | ᠵᠠᠰᠠᠭ ᠵᠠᠬᠢᠷᠭᠠᠨ ᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠬᠠᠷᠠᠯᠲᠠ ᠶᠢ ᠨᠢᠭᠡᠨᠲᠡ ᠪᠦᠬᠦᠨ ᠢ | ᠪᠡᠶᠡᠯᠡᠭᠦᠯᠦᠭᠰᠡᠨ ᠪᠥᠭᠡᠳ ᠡᠭᠦᠨ ᠤ ᠰᠠᠭᠤᠷᠢᠨ ᠳᠡᠭᠡᠷ᠎ᠡ᠂ ᠪᠥᠬᠦ ᠬᠤᠲᠠ ᠶᠢᠨ 48 ᠠᠶᠢᠯ ᠲᠣᠰᠬᠤᠨ ᠳᠤ | 100% ᠪᠠᠷ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠪᠡ᠃ ᠣᠶᠢᠷ᠎ᠠ ᠶᠢᠨ | ᠬᠡᠳᠦᠨ ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠮᠠᠨ ᠤ ᠬᠤᠲᠠ ᠶᠢᠨ ᠬᠥᠳᠡᠭᠡ ᠲᠣᠰᠬᠤᠨ ᠤ ᠵᠠᠮ ᠤᠨ | ᠲᠣᠣᠷ ᠤᠨ ᠪᠦᠲᠦᠴᠡ ᠰᠢᠯᠢᠳᠡᠭᠵᠢᠵᠦ᠂ ᠰᠢᠶᠠᠨ ᠤ ᠵᠠᠮ ᠢᠶᠠᠷ ᠨᠢᠷᠤᠭᠤᠪᠴᠢ ᠪᠣᠯᠭᠠᠭᠰᠠᠨ᠂ ᠲᠣᠰᠬᠤᠨ ᠤ ᠵᠠᠮ ᠢᠶᠠᠷ | ᠰᠠᠯᠪᠤᠷᠢ ᠱᠤᠭᠤᠮ ᠪᠣᠯᠭᠠᠭᠰᠠᠨ᠂ ᠲᠣᠰᠬᠤᠨ ᠤ ᠵᠠᠮ ᠢᠶᠠᠷ ᠰᠤᠳᠠᠰᠤ ᠪᠣᠯᠭᠠᠭᠰᠠᠨ ᠬᠥᠳᠡᠭᠡ ᠲᠣᠰᠬᠤᠨ ᠤ ᠵᠠᠰᠠᠮᠠᠯ | ᠵᠠᠮ ᠤᠨ ᠲᠣᠣᠷ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠪᠥᠭᠡᠳ G110᠂ G109᠂ | G244᠂ S217᠂ S318 ᠵᠡᠷᠭᠡ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ᠂ | ᠭᠤᠷᠪᠠᠨ ᠲᠣᠭᠤᠷᠢᠭ ᠤᠨ ᠲᠦᠷᠭᠡᠨ ᠨᠡᠪᠲᠡᠷᠡᠬᠦ ᠵᠠᠮ ᠵᠢᠴᠢ ᠬᠤᠲᠠ ᠶᠢᠨ ᠶᠠᠪᠤᠳᠠᠯ ᠤᠨ ᠵᠠᠮ ᠲᠠᠢ ᠬᠤᠯᠪᠣᠯᠳᠤᠨ | ᠨᠡᠪᠲᠡᠷᠡᠯᠴᠡᠬᠦ ᠶᠢ ᠪᠡᠶᠡᠯᠡᠭᠦᠯᠵᠦ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠨᠢᠭᠡ | ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠬᠦᠴᠦᠲᠡᠶ ᠠᠬᠢᠭᠤᠯᠵᠠᠶ᠃ ᠡᠭᠦᠨ ᠤ ᠬᠠᠮᠲᠤ᠂ ᠮᠠᠨ ᠤ ᠬᠤᠲᠠ | ᠪᠠᠰᠠ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠨᠡᠶᠢᠲᠡ ᠶᠢᠨ ᠮᠠᠰᠢᠨᠴᠢᠯᠠᠭᠰᠠᠨ ᠡᠵᠡᠩᠨᠡᠯᠲᠡ ᠶᠢ ᠤᠷᠢᠳᠠᠪᠠᠷ ᠬᠥᠭᠵᠢᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ | ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠪᠲᠡᠷᠡᠬᠦ ᠭᠦᠨᠴᠡ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ | ᠥᠬᠡᠶ ᠣᠲᠣ ᠪᠣᠯᠲᠠᠯ᠎ᠠ᠂ ᠪᠥᠬᠦ ᠬᠤᠲᠠ ᠶᠢᠨ 5 ᠰᠢᠶᠠᠩ ᠪᠠᠯᠭᠠᠰᠤ᠂ 13 ᠵᠠᠰᠠᠭ ᠵᠠᠬᠢᠷᠭᠠᠨ ᠤ ᠲᠣᠰᠬᠤᠨ ᠪᠠ 1 | ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠣᠷᠮ᠎ᠠ | 100% ᠳᠤ ᠬᠥᠷᠪᠡ᠃ |