4 ᠰᠠᠷ᠎ᠠ ᠶᠢᠨ 10 ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠦ ᠪᠢᠩ ᠶᠦᠨ ᠨᠥᠬᠦᠷ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠲᠤ | ᠭᠦᠨᠵᠡᠭᠡᠶᠢᠷᠡᠨ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ | ᠰᠤᠳᠤᠯᠵᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | | ᠡᠦ ᠪᠢᠩ ᠶᠦᠨ ᠳᠡᠳ᠋ ᠲᠣᠭᠤᠷᠢᠭ ᠤᠨ ᠳᠠᠷᠤᠭ᠎ᠠ ᠨᠠᠷ ᠡᠩ ᠲᠡᠷᠢᠭᠦᠨ ᠳᠤ ᠦᠬᠠᠶ ᠶᠢᠨ ᠨᠠᠶᠮᠠᠳᠤᠭᠠᠷ | ᠳᠤᠮᠳᠠᠳᠤ ᠰᠤᠷᠭᠠᠭᠤᠯᠢ᠂ ᠳ᠋ᠦᠩ ᠹᠠᠩ ᠬᠤᠩ ᠬᠡᠦᠬᠡᠳ ᠤᠨ ᠴᠡᠴᠡᠷᠯᠢᠭ᠂ ᠬᠠᠶᠢᠷᠤᠪ ᠤᠨ ᠲᠣᠬᠤᠶ ᠲᠣᠭᠤᠷᠢᠭ ᠤᠨ | ᠭᠤᠷᠪᠠᠳᠤᠭᠠᠷ ᠪᠠᠭ᠎ᠠ ᠰᠤᠷᠭᠠᠭᠤᠯᠢ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠯᠠᠩᠭᠤᠶ᠎ᠠ | ᠰᠤᠷᠭᠠᠭᠤᠯᠢ ᠶᠢᠨ ᠬᠤᠭᠤᠯᠠᠨ ᠬᠡᠷ᠂ ᠪᠠᠶᠢᠷᠢ ᠶᠢᠨ ᠬᠡᠷ᠂ ᠬᠢᠴᠢᠶᠡᠯ ᠤᠨ ᠬᠡᠷ ᠤᠨ ᠠᠷᠢᠭᠤᠳᠬᠠᠬᠤ ᠠᠵᠢᠯ ᠢ ᠨᠠᠷᠢᠨ | ᠨᠢᠮᠪᠠᠶ ᠠᠰᠠᠭᠤᠨ ᠯᠠᠪᠯᠠᠵᠤ ᠵᠢᠭᠠᠨ ᠵᠢᠯᠣᠭᠤᠳᠴᠤ᠂ ᠳᠠᠷᠠᠭ᠎ᠠ ᠨᠢ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ᠂ ᠡᠪᠡᠳᠴᠢᠨ ᠠᠴᠠ ᠪᠣᠯᠵᠣ ᠮᠥᠷᠳᠡᠨ ᠪᠠᠶᠢᠴᠠᠭᠠᠭᠰᠠᠨ | ᠲᠡᠮᠳᠡᠭᠯᠡᠯ ᠵᠡᠷᠭᠡ ᠠᠵᠢᠯ ᠢ ᠨᠠᠷᠢᠨ ᠬᠢᠨᠠᠮᠠᠭᠠᠶ ᠪᠠᠶᠢᠴᠠᠭᠠᠨ ᠣᠶᠢᠯᠠᠭᠠᠪᠠ᠃ | | ᠡᠦ ᠪᠢᠩ ᠶᠦᠨ ᠳᠡᠳ᠋ ᠳᠠᠷᠤᠭ᠎ᠠ ᠵᠢᠭᠠᠵᠤ ᠭᠠᠷᠭᠠᠭᠰᠠᠨ ᠨᠢ᠂ ᠬᠠᠪᠤᠷ ᠤᠨ ᠤᠯᠠᠷᠢᠯ ᠤᠨ ᠬᠠᠯᠳᠠᠪᠤᠷᠢᠲᠤ | ᠡᠪᠡᠳᠴᠢᠨ᠂ ᠢᠯᠠᠩᠭᠤᠶ᠎ᠠ ᠣᠶᠢᠷ᠎ᠠ ᠳᠤ ᠪᠠᠶᠢᠨ ᠳᠠᠬᠢᠨ ᠡᠭᠦᠰᠴᠦ ᠪᠠᠶᠢᠭ᠎ᠠ ᠨᠦᠸᠧ ᠷᠦ᠋ ᠸᠢᠷᠦ᠋ᠰ ᠤᠨ ᠬᠡᠷᠡᠭ ᠢ | ᠰᠤᠷᠭᠠᠭᠤᠯᠢ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠪᠦᠬᠦᠨ ᠳᠤ | ᠨᠠᠶᠢᠳᠠᠪᠤᠷᠢᠵᠢᠭᠤᠯᠬᠤ ᠬᠡᠷᠡᠭᠲᠡᠶ᠃ ᠢᠯᠠᠩᠭᠤᠶ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ | ᠬᠥᠮᠦᠵᠢᠯ ᠤᠨ ᠤᠬᠠᠭᠤᠯᠭ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠷᠢᠭᠤᠳᠬᠠᠨ | ᠠᠷᠢᠭᠤᠳᠬᠠᠬᠤ ᠵᠡᠷᠭᠡ ᠠᠵᠢᠯ ᠢ ᠴᠢᠩᠭᠠᠳᠬᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠡᠮᠨᠡᠨ ᠵᠠᠰᠠᠬᠤ | ᠶᠢ ᠪᠡᠶᠡᠯᠡᠭᠦᠯᠵᠦ᠂ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠴᠢᠨᠠᠷᠲᠠᠶ ᠭᠡᠨᠡᠳᠲᠡ ᠡᠭᠦᠰᠬᠦ | ᠪᠠ ᠳᠡᠯᠭᠡᠷᠡᠬᠦ ᠠᠴᠠ ᠵᠠᠶᠢᠯᠠᠰᠬᠢᠵᠦ᠂ ᠰᠤᠷᠭᠠᠭᠤᠯᠢ ᠶᠢᠨ ᠬᠦᠷᠢᠶᠡᠨ ᠤ ᠲᠣᠭᠲᠠᠭᠤᠨ ᠪᠥᠭᠡᠳ ᠠᠮᠤᠷ ᠲᠦᠪᠰᠢᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡ᠊ ᠭᠡᠵᠠᠢ᠃ |