ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠎ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠬᠠᠶᠢᠷᠤᠪ ᠤᠨ ᠲᠤᠬᠤᠢ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ
ᠨᠡᠶᠢᠲᠡᠯᠡᠭᠰᠡᠨ ᠴᠠᠭ᠄
2021/4/14
     4 ᠳ᠋ᠦ᠋ᠭᠡᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠦ ᡁᠢ ᠨᠢᠩ ᠳᠤᠭᠤᠶᠢᠯᠠᠩ ᠳᠠᠭᠠᠭᠤᠯᠤᠨ ᠬᠠᠶᠢᠷᠤᠪ ᠤᠨ ᠲᠣᠬᠤᠶ ᠲᠣᠭᠤᠷᠢᠭ ᠲᠤ ᠭᠦᠨᠵᠡᠭᠡᠶᠢᠷᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
    ᠵᠧᠦ ᡁᠢ ᠨᠢᠩ ᠨᠡᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂  ᠴᠡᠭᠡᠯ ᠠᠭᠤᠯᠠ ᠪᠠᠯᠭᠠᠰᠤ ᠶᠢᠨ ᠰᠢᠨ ᠹᠧᠩ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠎ ᠤᠨ ᠠᠷᠭ᠎ᠠ ᠬᠢᠳᠡᠯ᠂《 ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠭᠰᠡᠨ 》ᠵᠡᠷᠭᠡ ᠪᠠᠶᠢᠳᠠᠯ ᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠪᠠ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠭᠰᠠᠨ ᠢ ᠭᠦᠢᠴᠡᠳ ᠨᠤᠲᠠᠯᠠᠪᠠ᠃      ᠵᠧᠦ ᡁᠢ ᠨᠢᠩ ᠠᠴᠠ᠂ ᠬᠠᠶᠢᠷᠤᠪ ᠤᠨ ᠲᠤᠬᠤᠢ ᠲᠣᠭᠤᠷᠢᠭ《 ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ 》᠎ ᠪᠠᠷ ᠭᠤᠣᠯᠳᠠᠭᠤᠯᠵᠤ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠵᠢᠯ ᠲᠠᠢ ᠤᠶᠠᠯᠳᠤᠭᠤᠯᠵᠤ᠂ ᠨᠠᠮ ᠤᠨ ᠲᠡᠦᠬᠡ ᠎ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠬᠦ᠂ ᠰᠡᠳᠬᠢᠯ ᠳᠡᠭᠡᠨ ᠬᠠᠳᠠᠩᠰᠢᠭᠤᠯᠬᠤ᠂ ᠪᠣᠳᠠᠲᠠᠶᠢᠵᠢᠭᠤᠯᠬᠤ ᠶᠢ ᠠᠬᠢᠭᠤᠯᠬᠤ ᠶᠢ ᠪᠠᠲᠤᠯᠠᠬᠤ ᠬᠡᠷᠡᠭᠲᠡᠢ᠃《 ᠪᠣᠳᠠᠲᠤ ᠶᠠᠪᠤᠳᠠᠯ ᠬᠢᠬᠦ 》 ᠠᠴᠢᠶᠠᠯᠠᠪᠤᠷᠢ ᠎ ᠶᠢᠨ ᠰᠢᠨ᠎ᠡ ᠶᠢ ᠡᠭᠦᠳᠦᠨ ᠭᠦᠨᠵᠡᠭᠡᠶᠢᠷᠡᠭᠦᠯᠵᠦ᠂ ᠪᠣᠳᠠᠲᠤ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠎ ᠶᠢ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ᠶᠢ ᠰᠤᠷᠤᠯᠴᠠᠯᠭ᠎ᠠ ᠬᠥᠮᠦᠵᠢᠯ ᠤᠨ ᠵᠣᠷᠢᠯᠲᠠ ᠪᠠ ᠲᠤᠰᠤᠯᠳᠠ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ  ᠬᠡᠷᠡᠭᠲᠡᠢ ᠭᠡᠵᠤ  ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号