ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠰᠢᠯᠭᠠᠨ ᠠᠪᠬᠤ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠤᠬᠠᠭᠠᠨ ᠤ | ᠰᠠᠯᠪᠤᠷᠢ ᠶᠢᠨ ᠪᠦᠯᠬᠦᠮ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ | ᠳᠤ ᠣᠷᠣᠯᠴᠠᠪᠠ᠃ | | ᠬᠤᠷᠠᠯ ᠠᠴᠠ ᠬᠠᠶᠢᠷᠤᠪ ᠤᠨ ᠲᠣᠬᠤᠢ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠢ ᠰᠢᠯᠭᠠᠨ | ᠠᠪᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ | ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ 《 ᠤᠯᠤᠰ ᠤᠨ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ᠂ ᠮᠠᠭᠠᠳᠯᠠᠨ ᠲᠣᠭᠲᠠᠭᠠᠬᠤ ᠪᠠ | ᠬᠠᠮᠢᠶᠠᠷᠬᠤ ᠶᠢᠨ ᠬᠡᠷᠡᠭᠵᠢᠭᠦᠯᠬᠦ ᠠᠷᠭ᠎ᠠ ( ᠲᠤᠷᠰᠢᠨ ᠬᠡᠷᠡᠭᠵᠢᠭᠦᠯᠬᠦ ) 》᠂ 《 ᠤᠯᠤᠰ ᠤᠨ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ ᠪᠠᠷᠢᠮᠵᠢᠶ᠎ᠠ ( ᠲᠤᠷᠰᠢᠨ | ᠬᠡᠷᠡᠭᠵᠢᠭᠦᠯᠬᠦ ) 》᠂ 《 ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠰᠢᠯᠭᠠᠨ ᠠᠪᠬᠤ ᠠᠵᠢᠯ ᠤᠨ ᠭᠠᠷ ᠲᠡᠪᠲᠡᠷ》 ᠵᠡᠷᠭᠡ ᠨᠠᠷᠢᠨ ᠲᠦᠷᠢᠮ ᠤᠨ ᠱᠠᠭᠠᠷᠳᠠᠯᠭ᠎ᠠ ᠶᠣᠰᠣᠭᠠᠷ᠂ | ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ᠪᠠᠶᠢᠭᠠᠳ ᠬᠠᠶᠢᠷᠤᠪ ᠤᠨ ᠲᠣᠬᠤᠶ ᠲᠣᠭᠤᠷᠢᠭ ᠤᠨ ᠥᠪᠡᠷᠲᠡᠭᠡᠨ | ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠪᠣᠶ ᠪᠣᠯᠭᠠᠬᠤ ᠠᠵᠢᠯ ᠳᠤ ᠲᠠᠶᠢᠯᠤᠮᠵᠢ | ᠬᠢᠯᠭᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠰᠢᠯᠭᠠᠨ ᠠᠪᠬᠤ ᠠᠵᠢᠯ ᠢ ᠥᠷᠨᠢᠭᠦᠯᠬᠦ ᠳᠤ ᠵᠢᠯᠣᠭᠤᠳᠣᠯᠭ᠎ᠠ ᠪᠠ | ᠠᠰᠠᠭᠤᠯᠲᠠ ᠶᠢ ᠬᠠᠷᠢᠭᠤᠯᠪᠠ᠃ | ᠬᠤᠷᠠᠯ ᠠᠴᠠ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠪᠣᠯ ᠬᠠᠶᠢᠷᠤᠪ ᠤᠨ ᠲᠣᠬᠤᠶ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ | ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠴᠢᠬᠤᠯᠠ ᠠᠷᠭ᠎ᠠ | ᠬᠡᠮᠵᠢᠶ᠎ᠡ ᠮᠥᠨ᠂ ᠬᠤᠲᠠ ᠶᠢᠨ ᠲᠠᠰ ᠳᠡᠪᠰᠢᠬᠦ ᠶᠢ ᠠᠬᠢᠭᠤᠯᠬᠤ᠂ ᠣᠷᠣᠰᠢᠨ ᠰᠠᠭᠤᠷᠢᠰᠢᠬᠤ ᠦᠶᠯᠡᠰ ᠪᠤᠰᠬᠠᠬᠤ | ᠵᠤᠭᠠᠴᠠᠨ ᠲᠣᠭᠤᠷᠢᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠬᠤ ᠶᠢᠨ ᠪᠣᠳᠠᠲᠤ ᠬᠡᠷᠡᠭᠴᠡᠭᠡ ᠮᠥᠨ᠂ | ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠨᠢᠭᠡᠴᠢ ᠶᠢᠨ ᠬᠢᠨ ᠪᠠᠶᠢᠳᠠᠯ ᠢ ᠲᠣᠳᠣᠷᠬᠠᠶ | ᠲᠠᠨᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠢᠯᠭᠠᠨ ᠦᠨᠡᠯᠡᠬᠦ ᠰᠢᠰᠲ᠋ᠧᠮ ᠢᠶᠠᠷ ᠰᠠᠭᠤᠷᠢ | ᠪᠣᠯᠭᠠᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠨᠢᠭᠲᠠ ᠬᠠᠮᠵᠢᠯᠴᠠᠨ᠂ ᠡᠯ᠎ᠡ ᠵᠦᠶᠯ | ᠤᠨ ᠡᠭᠦᠷᠭᠡ ᠶᠢ ᠬᠦᠴᠦᠲᠡᠶ ᠡᠮᠬᠢ ᠵᠢᠷᠤᠮ ᠲᠠᠢ ᠠᠬᠢᠭᠤᠯᠵᠤ᠂ ᠢᠳᠡᠪᠬᠢᠲᠡᠶ ᠲᠡᠮᠡᠴᠡᠨ ᠤᠯᠬᠤ ᠶᠢ ᠪᠠᠲᠤᠯᠠᠬᠤ | ᠬᠡᠷᠡᠭᠲᠡᠶ ᠭᠡᠵᠤ ᠵᠢᠭᠠᠪᠠ᠃ |