ᠬᠠᠶᠢᠷᠤᠪ ᠤᠨ ᠲᠣᠬᠤᠢ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠰᠢᠯᠭᠠᠨ ᠠᠪᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/14
     ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠰᠢᠯᠭᠠᠨ ᠠᠪᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠤᠬᠠᠭᠠᠨ ᠤ ᠰᠠᠯᠪᠤᠷᠢ ᠶᠢᠨ ᠪᠦᠯᠬᠦᠮ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃
     ᠬᠤᠷᠠᠯ ᠠᠴᠠ ᠬᠠᠶᠢᠷᠤᠪ ᠤᠨ ᠲᠣᠬᠤᠢ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠢ ᠰᠢᠯᠭᠠᠨ ᠠᠪᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠣᠷᠣᠰᠢᠵᠤ  ᠪᠠᠶᠢᠭ᠎ᠠ ᠠᠰᠠᠭᠤᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ︽ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ᠂ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠂ ︽ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ ᠠᠵᠢᠯ ᠤᠨ ᠭᠠᠷ ᠠᠪᠤᠯᠭ᠎ᠠ︾ ᠵᠡᠷᠭᠡ ᠨᠠᠷᠢᠨ ᠲᠦᠷᠢᠮ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ᠪᠠᠶᠢᠭᠠᠳ ᠬᠠᠶᠢᠷᠤᠪ ᠤᠨ ᠲᠣᠬᠤᠶ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠪᠣᠶ ᠪᠣᠯᠭᠠᠬᠤ ᠠᠵᠢᠯ ᠳᠤ ᠲᠠᠶᠢᠯᠤᠮᠵᠢ ᠬᠢᠯᠭᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠰᠢᠯᠭᠠᠨ ᠠᠪᠬᠤ ᠠᠵᠢᠯ ᠢ ᠥᠷᠨᠢᠭᠦᠯᠬᠦ ᠳᠤ ᠵᠢᠯᠣᠭᠤᠳᠣᠯᠭ᠎ᠠ ᠪᠠ ᠠᠰᠠᠭᠤᠯᠲᠠ ᠶᠢ ᠬᠠᠷᠢᠭᠤᠯᠪᠠ᠃    ᠬᠤᠷᠠᠯ ᠠᠴᠠ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠣᠯ ᠬᠠᠶᠢᠷᠤᠪ ᠤᠨ ᠲᠣᠬᠤᠶ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠴᠢᠬᠤᠯᠠ ᠠᠷᠭ᠎ᠠ ᠬᠡᠮᠵᠢᠶ᠎ᠡ ᠮᠥᠨ᠂ ᠬᠤᠲᠠ ᠶᠢᠨ ᠲᠠᠰ ᠳᠡᠪᠰᠢᠬᠦ ᠶᠢ ᠠᠬᠢᠭᠤᠯᠬᠤ᠂ ᠣᠷᠣᠰᠢᠨ ᠰᠠᠭᠤᠷᠢᠰᠢᠬᠤ  ᠤᠶᠢᠯᠡᠰ ᠪᠤᠰᠬᠠᠬᠤ ᠵᠤᠭᠠᠴᠠᠨ ᠲᠣᠭᠤᠷᠢᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠨᠢᠭᠡᠴᠢ ᠶᠢᠨ ᠬᠢᠨ ᠪᠠᠶᠢᠳᠠᠯ ᠢ ᠲᠣᠳᠣᠷᠬᠠᠶ ᠲᠠᠨᠢᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠢᠯᠭᠠᠨ ᠦᠨᠡᠯᠡᠬᠦ ᠰᠢᠰᠲ᠋ᠧᠮ ᠢᠶᠠᠷ ᠰᠠᠭᠤᠷᠢ ᠪᠣᠯᠭᠠᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠤᠡᠭᠡᠵᠤ᠂ ᠨᠢᠭᠲᠠ ᠬᠠᠮᠵᠢᠯᠴᠠᠨ᠂ ᠡᠯ᠎ᠡ ᠵᠤᠶᠢᠯ ᠤᠨ ᠡᠭᠦᠷᠭᠡ ᠶᠢ ᠬᠦᠴᠦᠲᠡᠶ ᠡᠮᠬᠢ ᠵᠢᠷᠤᠮ ᠲᠠᠢ ᠠᠬᠢᠭᠤᠯᠵᠤ᠂ ᠢᠳᠡᠪᠬᠢᠲᠡᠶ ᠲᠡᠮᠡᠴᠡᠨ ᠤᠯᠬᠤ ᠶᠢ ᠪᠠᠲᠤᠯᠠᠬᠤ ᠬᠡᠷᠡᠭᠲᠡᠶ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号