ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/15
     4 ᠰᠠᠷ᠎ᠠ ᠶᠢᠨ 14᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠎ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ᠯᠢᠨ ᠱᠤᠤ ᠴᠦᠨ ᠦᠬᠠᠢ ᠬᠤᠳᠠ ᠶᠢᠨ ᠬᠥᠮᠦᠵᠢᠯ ᠴᠡᠭᠴᠡᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ〈 ᠥᠪᠡᠷ ᠢ ᠪᠠᠨ ᠪᠠᠶᠢᠴᠠᠭᠠᠬᠤ ᠳᠤ ᠠᠭᠤᠴᠢᠯᠠᠬᠤ᠂ ᠪᠠᠶᠢᠴᠠᠭᠠᠭᠳᠠᠬᠤ ᠳᠤ ᠴᠢᠩᠭ᠎ᠠ ᠪᠠᠶᠢᠬᠤ 〉᠎ ᠶᠢ ᠰᠢᠶᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ 》᠎ ᠶᠢ ᠤᠯᠠᠮᠵᠢᠯᠠᠨ ᠰᠤᠷᠤᠯᠴᠠᠵᠤ᠂ ᠡᠮᠦᠨᠡᠬᠢ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠎ ᠤᠨ ᠴᠡᠭᠴᠡᠯᠡᠯᠲᠡ ᠶᠢᠨ ᠠᠵᠢᠯ ᠢ ᠳ᠋ᠦᠩᠨᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠎ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ᠤᠯᠤᠰ ᠲᠥᠷᠥ ᠶᠢᠨ ᠡᠭᠦᠷᠭᠡᠯᠡᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠢᠱᠢᠭᠰᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠦᠵᠡᠯ ᠰᠠᠨᠠᠭᠠᠨ ᠤ ᠳᠠᠶᠢᠴᠢᠯᠠᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠤᠬᠠᠮᠰᠠᠷ ᠎ ᠢᠶᠠᠨ ᠦᠨᠡᠨ ᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ ᠶᠢ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠢᠶᠳᠪᠦᠷᠢᠯᠡᠵᠦ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠠᠬᠢᠭᠤᠯᠵᠤ᠂ ᠭᠦᠨᠵᠡᠭᠡᠶ ᠠᠭᠤᠳᠠᠯᠵᠤ ᠲᠤᠶᠢᠯᠪᠤᠷᠢᠲᠠᠶ ᠪᠠᠶᠢᠴᠠᠭᠠᠬᠤ ᠶᠢ ᠴᠢᠩᠭᠠᠳᠬᠠᠵᠤ᠂ ᠬᠠᠮᠲᠤ ᠨᠡᠶᠢᠲᠡ ᠶᠢ ᠲᠦᠢᠪᠡᠭᠡᠭᠴᠢ ᠶᠢ ᠡᠷᠡᠰ ᠠᠷᠢᠯᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠴᠢᠩᠭᠠᠳᠬᠠᠵᠤ᠂ ᠠᠷᠬᠠᠭ ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠤᠯᠤᠰ ᠲᠥᠷᠥ ᠶᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠠᠵᠢᠯ ᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠩᠭᠠᠤᠡᠬᠠᠪᠠ᠃
     ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠎ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号