ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ | ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠬᠤ | ᠶᠢᠨ ᠲᠥᠯᠥᠭᠡ᠂ 4 ᠰᠠᠷ᠎ᠠ ᠶᠢᠨ 13 ᠤ ᠡᠳᠦᠷ᠂ 2021 ᠣᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ | ᠵᠢᠷᠤᠮ ᠤᠨ ᠮᠣᠳᠣ ᠲᠠᠷᠢᠬᠤ ᠠᠵᠢᠯᠯᠠᠭ᠎ᠠ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠠᠢᠮᠠᠨ ᠺᠢᠯᠤᠮᠧᠳ᠋ᠷ ᠤᠨ | ᠵᠠᠢ ᠳᠤ ᠶᠠᠪᠤᠭᠳᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ 150 | ᠭᠠᠷᠤᠢ ᠬᠥᠮᠦᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ᠂ ᠨᠡᠶᠢᠳᠡ 3000 ᠭᠠᠷᠤᠢ | ᠪᠤᠳᠠ ᠮᠣᠳᠣ ᠲᠠᠷᠢᠪᠠ᠃ ᠲᠣᠰ ᠤᠳᠠᠭᠠᠨ ᠤ ᠠᠵᠢᠯᠯᠠᠭ᠎ᠠ ᠨᠢ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ᠂ ᠺᠠᠳ᠋ᠷ | ᠠᠵᠢᠯᠲᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠳᠤᠮᠳᠠᠬᠢ ᠳᠠᠭᠠᠭᠤᠯᠤᠨ ᠵᠢᠱᠢᠶ᠎ᠡ ᠦᠵᠡᠭᠦᠯᠬᠦ | ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠮᠣᠳᠣ ᠳᠠᠷᠢᠵᠤ ᠣᠶᠢᠵᠢᠭᠤᠯᠬᠤ | ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ᠃ | | ᠣᠶᠢᠯᠠᠭᠠᠭᠰᠠᠨ ᠢᠶᠠᠷ᠂ ᠡᠨᠡ ᠵᠢᠯ ᠪᠣᠯ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ | ᠥᠷᠨᠢᠭᠦᠯᠦᠭᠰᠡᠨ 40 ᠵᠢᠯ ᠤᠨ ᠣᠶ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠲᠦᠮᠡᠨ ᠪᠣᠳᠠᠲᠤ | ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠠᠮᠢ ᠠᠬᠤᠢ ᠶᠢᠨ ᠬᠥᠭᠵᠢᠯᠲᠡ ᠶᠢᠨ ᠤᠢᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠶᠢ ᠪᠦᠳᠦᠭᠡᠨ ᠪᠠᠶᠢᠭᠤᠯᠬᠤ ᠳᠤ | ᠦᠩᠭᠡ ᠪᠤᠳᠤᠭ ᠨᠡᠮᠡᠷᠢᠯᠡᠪᠡ᠃ ᠠᠮᠢ ᠠᠬᠤᠶ ᠶᠢᠨ ᠣᠷᠴᠢᠨ ᠲᠣᠭᠤᠷᠢᠨ ᠨᠢ ᠪᠢᠳᠡᠨ ᠤ ᠣᠴᠢᠵᠤ ᠪᠥᠲᠥᠭᠡᠨ | ᠪᠠᠶᠢᠭᠤᠯᠬᠤ ᠶᠢ ᠱᠠᠭᠠᠷᠳᠠᠬᠤ ᠪᠠᠷ ᠪᠠᠷᠠᠬᠤ ᠥᠬᠡᠶ᠂ ᠨᠠᠩ ᠴᠤ ᠪᠢᠳᠡᠨ ᠤ ᠣᠴᠢᠵᠤ ᠬᠠᠮᠠᠭᠠᠯᠠᠬᠤ ᠶᠢ ᠱᠠᠭᠠᠷᠳᠠᠨ᠎ᠠ᠂ | ᠢᠯᠠᠩᠭᠤᠶ᠎ᠠ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠭᠠᠵᠠᠷ ᠣᠷᠣᠨ ᠳᠤ ᠠᠪᠴᠤ ᠬᠡᠯᠡᠪᠡᠯ᠂ ᠠᠮᠢ ᠠᠬᠤᠶ | ᠶᠢᠨ ᠣᠷᠴᠢᠨ ᠲᠣᠭᠤᠷᠢᠨ ᠡᠪᠳᠡᠭᠳᠡᠬᠦ ᠳᠤ ᠭᠦᠷᠪᠡᠯ᠂ ᠮᠠᠰᠢ ᠶᠡᠭᠡ ᠬᠦᠴᠦ ᠣᠷᠣᠭᠤᠯᠵᠤ ᠪᠠᠶᠢᠭᠠᠳ ᠵᠠᠰᠠᠨ | ᠰᠡᠷᠭᠦᠭᠡᠬᠦ ᠴᠢᠬᠤᠯᠠᠲᠠᠶ ᠶᠤᠮ᠃ | | 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ | ᠤᠨ ᠲᠣᠬᠤᠶ ᠲᠣᠭᠤᠷᠢᠭ ᠨᠢ 2035 ᠣᠨ ᠤ ᠠᠯᠤᠰ ᠤᠨ ᠬᠠᠷᠠᠯᠲᠠ ᠪᠠᠨ ᠲᠣᠭᠲᠠᠭᠠᠵᠤ᠂ ᠠᠷᠠᠳ ᠲᠦᠮᠡᠨ ᠢᠶᠠᠷ | ᠭᠤᠤᠯ ᠪᠣᠯᠭᠠᠬᠤ ᠪᠠ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠶᠠᠰᠤ ᠴᠢᠨᠠᠷ ᠢ ᠰᠢᠨ᠎ᠡ ᠦᠨᠳᠦᠷᠴᠡ ᠳᠤ ᠬᠦᠷᠭᠡᠬᠦ ᠶᠢ | ᠠᠬᠢᠭᠤᠯᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠪᠣᠬᠢᠷᠲᠤᠯ ᠥᠬᠡᠶ | ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠵᠤ ᠠᠮᠢ ᠠᠬᠤᠶ ᠶᠢᠨ ᠶᠠᠰᠤ ᠴᠢᠨᠠᠷ ᠢ | ᠰᠢᠨ᠎ᠡ ᠦᠨᠳᠦᠷᠴᠡ ᠳᠤ ᠬᠦᠷᠭᠡᠬᠦ ᠪᠠᠷ ᠴᠢᠷᠮᠠᠶᠢᠨ᠎ᠠ᠃ |