ᠵᠠᠰᠠᠭ ᠤᠨ ᠣᠷᠳᠣᠨ ᠤ ᠠᠵᠢᠯ ᠤᠨ ᠢᠯᠡᠳᠬᠡᠯ ( 2021ᠤᠨ )
ᠨᠡᠶᠢᠲᠡᠯᠡᠭᠰᠡᠨ ᠴᠠᠭ᠄
2021/4/15
ᠲᠥᠯᠥᠭᠡᠯᠡᠭᠴᠢᠳ ᠡ  ᠄      ᠣᠳᠣ ᠪᠢ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠷᠠᠯ ᠳᠤ ᠰᠤᠯᠠ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ       ᠨᠢᠭᠡ᠂ 《 135 》᠎ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 ᠣᠨ ᠠᠵᠢᠯ ᠤᠨ ᠡᠷᠭᠢᠴᠡᠭᠦᠯᠦᠯ     ᠥᠩᠭᠡᠷᠡᠭᠰᠡᠨ ᠲᠠᠪᠤᠨ ᠵᠢᠯ᠂ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠠᠵᠤ ᠠᠬᠤᠶ ᠶᠢᠨ ᠪᠠᠶᠢᠳᠠᠯ ᠪᠠ ᠬᠦᠴᠢᠷ ᠪᠡᠷᠬᠡᠰᠢᠶᠡᠯ ᠥᠷᠢᠰᠥᠯᠳᠦᠭᠡᠨ ᠤ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ᠂ ᠬᠤᠲᠠ ᠎ ᠶᠢᠨ ᠨᠠᠮ ᠤᠨ ᠬᠤᠷᠢᠶᠠᠨ ᠳᠤ ᠪᠠᠢᠨ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠎ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠶ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠶ᠎ᠠ᠂ ᠲᠣᠭᠲᠠᠭᠤᠨ ᠨᠡᠮᠡᠭᠳᠡᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠢᠯ ᠤᠨ ᠡᠭᠦᠷᠭᠡ᠂ 《 ᠲᠠᠪᠤᠨ ᠣᠷᠣᠨ  ᠎ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠦᠨ᠎ᠡ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠲᠣᠭᠲᠠᠪᠤᠷᠢᠵᠢᠭᠤᠯᠪᠠ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠰᠢᠪᠲᠤᠯᠤᠯᠲᠠ ᠲᠠᠢ ᠪᠣᠯᠪᠠ᠃ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 8 . 2 %᠎ ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ 3 . 6 % ᠎ ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 380 . 86 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠬᠢᠭᠡᠳ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠵᠡᠷᠭᠡᠴᠡᠭᠦᠯᠵᠦ᠂ ᠴᠢᠨᠡᠭᠡᠯᠢᠭ ᠨᠡᠶᠢᠭᠡᠮ ᠎ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠢᠯᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠃      ᠲᠠᠪᠤᠨ ᠵᠢᠯ ᠤᠨ ᠲᠤᠷᠰᠢ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠱᠠᠩᠬᠠᠢ ᠶᠢᠨ ᠪᠦ᠋ᠦ ᠦ᠂ ᠪᠡᠭᠡᠵᠢᠩ ᠤᠨ ᠵᠢᠶᠠᠨ ᠯᠦᠩ᠂ ᠵᠢᠩ ᠶᠦᠨ ᠲᠦᠩ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠢᠯᠠᠯ ᠢ ᠢᠳᠡᠪᠬᠢᠲᠡᠢ ᠲᠡᠳᠡᠨ ᠣᠷᠣᠭᠤᠯᠵᠤ᠂ ᠪᠣᠯᠣᠳ ᠬᠡᠦᠷᠰᠢᠭᠦᠯᠬᠦ ᠨᠡᠭᠦᠷᠡᠰᠦᠨ ᠤ ᠠᠵᠤ ᠦᠢᠯᠡᠰ ᠤᠨ ᠰᠢᠰᠲ᠋ᠧᠮ ᠦᠨᠳᠦᠰᠦᠨ ᠳᠡᠭᠡᠨ ᠪᠦᠷᠢᠯᠳᠦᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠲᠦᠷᠭᠡᠨ ᠬᠥᠭᠵᠢᠵᠦ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 16 . 6 % ᠨᠡᠮᠡᠭᠳᠡᠪᠡ᠃ ᠸᠠᠨ ᠳ᠋ᠠ ᠪᠠᠷ ᠭᠤᠣᠯ ᠪᠣᠯᠭᠠᠭᠰᠠᠨ ᠬᠤᠳᠠ ᠶᠢᠨ ᠬᠤᠳᠠᠯᠳᠤᠭᠠᠨ ᠤ ᠲᠣᠭᠤᠷᠢᠭ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠨᠡᠷᠡᠳᠤ ᠠᠷᠠᠯᠵᠢᠶ᠎ᠠ ᠬᠤᠳᠠᠯᠳᠤᠭᠠᠨ ᠤ ᠨᠡᠷᠡᠳᠤ ᠲᠡᠮᠳᠡᠭ ᠢ 200 ᠭᠠᠷᠤᠢ ᠣᠷᠣᠭᠤᠯᠤᠨ ᠠᠪᠴᠢᠷᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠠᠵᠤ ᠠᠬᠤᠢ ᠶᠢᠨ ᠬᠤᠪᠢ ᠨᠡᠮᠡᠷᠢ ᠶᠢᠨ ᠨᠤᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠵᠢᠭᠤᠯᠴᠢᠯᠠᠯ ᠤᠨ ᠬᠥᠮᠦᠨ ᠤ ᠲᠤᠭ᠎ᠠ ᠪᠠ ᠣᠷᠣᠯᠭ᠎ᠠ ᠲᠦᠷᠭᠡᠨ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠵᠢᠯ ᠳᠤᠮᠳᠠᠴᠢ ᠪᠠᠷ 4 . 8 %᠎ ᠪᠠᠷ ᠨᠡᠮᠡᠭᠳᠡᠪᠡ᠃ ᠦᠵᠦᠮ ᠲᠠᠷᠢᠬᠤ ᠪᠠᠷ ᠭᠤᠣᠯ ᠪᠣᠯᠭᠠᠭᠰᠠᠨ ᠣᠨᠴᠠᠯᠢᠭᠲᠤ ᠲᠠᠷᠢᠶᠠᠯᠠᠩ ᠦᠳᠲᠡᠷ ᠲᠦᠷᠭᠡᠨ ᠬᠥᠭᠵᠢᠵᠦ᠂ ᠲᠠᠷᠢᠬᠤ ᠲᠠᠯᠠᠪᠠᠢ ᠨᠡᠮᠡᠭᠳᠡᠭᠡᠳ 1 . 1 ᠲᠦᠮᠡᠨ ᠮᠦ ᠪᠣᠯᠵᠤ᠂ ᠦᠬᠠᠢ ᠶᠢᠨ ᠦᠵᠦᠮ ᠤᠨ ᠠᠯᠳᠠᠷᠰᠢᠯ ᠢᠯᠡᠳᠲᠡ ᠳᠡᠭᠡᠭᠰᠢᠯᠡᠪᠡ᠃ ᠲᠤᠶᠢᠯ ᠤᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ 2018 ᠣᠨ ᠳᠤ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 2 . 39 ᠲᠦᠮᠡᠨ ᠲᠥᠭᠦᠷᠢᠭ ᠪᠣᠯᠲᠠᠯ᠎ᠠ ᠨᠡᠮᠡᠭᠳᠡᠪᠡ᠃ ᠴᠢᠶᠠᠨ ᠯᠢ ᠱᠠᠨ ᠪᠠᠯᠭᠠᠰᠤ ᠶᠢ ᠪᠥᠬᠦ ᠤᠯᠤᠰ ᠤᠨ ᠲᠠᠷᠢᠶᠠᠯᠠᠩ ᠤᠨ ᠠᠵᠤ ᠦᠶᠯᠡᠰ ᠤᠨ ᠬᠦᠴᠦᠷᠬᠡᠭ ᠪᠠᠯᠭᠠᠰᠤ ᠶᠢᠨ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠵᠤ᠂ ᠪᠦᠯᠬᠦᠮᠳᠡᠯ ᠰᠢᠨ᠎ᠡ ᠲᠣᠰᠬᠤᠨ ᠢ ᠤᠯᠤᠰ ᠤᠨ ᠲᠠᠰ ᠤᠨ ᠬᠠᠮᠲᠤ ᠶᠢᠨ ᠠᠵᠤ ᠠᠬᠤᠶ ᠶᠢᠨ ᠭᠤᠤᠯᠳᠠᠯᠭ᠎ᠠ ᠲᠠᠢ ᠲᠡᠳᠬᠦᠬᠦ ᠲᠣᠰᠬᠤᠨ ᠪᠣᠯᠭᠠᠪᠠ᠃      ᠲᠠᠪᠤᠨ ᠵᠢᠯ ᠤᠨ ᠲᠤᠷᠰᠢ᠂ ᠠᠮᠢ ᠠᠬᠤᠢ ᠶᠢᠨ ᠣᠷᠴᠢᠨ ᠲᠣᠭᠤᠷᠢᠨ ᠶᠡᠬᠡᠪᠡᠷ ᠰᠠᠶᠢᠵᠢᠷᠠᠪᠠ᠃ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ 226 ᠨᠡᠭᠦᠷᠡᠰᠦᠨ ᠠᠭᠤᠷᠬᠠᠢ ᠶᠢᠨ ᠠᠶᠠᠨᠳᠠᠭᠠᠨ ᠨᠣᠴᠣᠬᠤ ᠴᠡᠭ ᠪᠠ 12 ᠰᠢᠷᠣᠢ ᠭᠠᠳᠠᠭᠰᠢᠯᠠᠭᠤᠯᠬᠤ ᠲᠠᠯᠠᠪᠠᠢ ᠶᠢ ᠴᠡᠭᠴᠡᠯᠡᠨ ᠵᠠᠰᠠᠵᠤ ᠂ 5 ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ ᠳᠠᠭᠤᠰᠬᠠᠨ᠂ ᠨᠡᠶᠢᠲᠡ 600 ᠮᠤ ᠠᠭᠤᠷᠬᠠᠢ ᠶᠢᠨ ᠣᠷᠣᠨ ᠢ ᠨᠣᠭᠤᠭᠠᠷᠠᠭᠤᠯᠵᠤ᠂ ᠢᠵᠢ ᠪᠦᠷᠢᠳᠦᠭᠰᠡᠨ ᠤᠰᠤ ᠬᠠᠩᠭᠠᠬᠤ ᠬᠤᠭᠤᠯᠠᠢ ᠶᠢᠨ ᠲᠣᠣᠷ ᠢ 32 ᠺᠢᠯᠣᠮᠧᠳ᠋ᠷ ᠪᠠᠶᠢᠭᠤᠯᠪᠠ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠰᠢᠮᠳᠠᠭᠤᠯᠤᠨ ᠪᠠᠶᠢᠴᠠᠭᠠᠬᠤ ᠠᠴᠠ ᠪᠠᠭᠤᠯᠭᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ 7 ᠠᠵᠤ ᠠᠬᠤᠶᠢᠯᠠᠯ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠤᠬᠤᠷᠢᠨ ᠭᠠᠷᠴᠤ᠂ 172 ᠰᠠᠭᠤᠷᠢ 35 ᠠᠭᠤᠷ ᠤᠨ ᠲᠣᠨ ᠠᠴᠠ ᠳᠣᠷᠣᠭᠰᠢᠬᠢ ᠭᠦᠸᠧᠯᠦ ᠶᠢ ᠪᠦᠬᠦᠨ ᠢ ᠰᠢᠭᠰᠢᠭᠳᠡᠭᠦᠯᠵᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠳᠤᠮᠳᠠᠬᠢ ᠤᠰᠤ ᠶᠢ ᠪᠤᠴᠠᠭᠠᠨ ᠬᠡᠷᠡᠭᠯᠡᠬᠦ ᠨᠣᠷᠮ᠎ᠠ 95 . 7 %᠎ ᠳᠤ ᠬᠦᠷᠴᠦ᠂ ᠨᠢᠭᠡᠴᠢ ᠶᠢᠨ GDP᠎ ᠶᠢᠨ ᠡᠨᠧᠷᠭᠢ ᠶᠢᠨ ᠬᠤᠷᠣᠭᠳᠠᠯ᠂ ᠲᠦᠮᠡᠨ ᠲᠥᠭᠦᠷᠢᠭ ᠤᠨ ᠠᠵᠤ ᠦᠶᠯᠡᠳᠪᠦᠷᠢ ᠎ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠦᠷᠭᠦᠯᠵᠢᠯᠡᠨ ᠪᠠᠭᠤᠷᠠᠵᠤ᠂ ᠭᠠᠵᠠᠷ ᠳᠣᠤᠷᠠᠬᠢ ᠤᠰᠤᠨ ᠤ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠠᠲᠤᠨ ᠭᠤᠤᠯ ᠤᠨ ᠬᠠᠶᠢᠷᠤᠪ ᠤᠨ ᠲᠣᠬᠤᠶ ᠬᠡᠰᠡᠭ ᠤᠨ ᠤᠰᠤᠨ ᠤ ᠴᠢᠨᠠᠷ ᠨᠢ V ᠲᠥᠷᠥᠯ ᠤᠨ ᠪᠠᠷᠢᠮᠵᠢᠶ᠎ᠠ ᠳᠤ ᠬᠦᠷᠴᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠣᠯᠤᠭᠰᠠᠨ ᠡᠳᠦᠷ ᠤᠨ ᠲᠤᠭ᠎ᠠ ᠨᠢ ᠲᠠᠪᠤᠨ ᠵᠢᠯ ᠤᠨ ᠡᠮᠦᠨᠡᠬᠢ 37 ᠡᠳᠦᠷ ᠢ ᠳᠠᠪᠠᠵᠤ᠂ ᠰᠢᠯᠢᠳᠡᠭ ᠪᠣᠯᠤᠭᠰᠠᠨ ᠨᠣᠷᠮ᠎ᠠ ᠨᠢ 10 . 7 ᠵᠠᠭᠤᠨ ᠤ ᠴᠡᠭ ᠳᠡᠭᠡᠭᠰᠢᠯᠡᠪᠡ᠃ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠨᠣᠭᠤᠭᠠᠷᠠᠭᠤᠯᠤᠯᠲᠠ ᠶᠢ ᠬᠡᠷᠡᠭᠵᠢᠭᠦᠯᠦᠨ᠂ ᠨᠣᠭᠤᠭᠠᠷᠠᠭᠤᠯᠤᠯᠲᠠ ᠶᠢᠨ ᠲᠠᠯᠠᠪᠠᠢ ᠶᠢ 4851 ᠮᠦ ᠰᠢᠨ᠎ᠡ ᠪᠠᠷ ᠨᠡᠮᠡᠭᠳᠡᠭᠦᠯᠵᠦ᠂ ᠵᠡᠭᠦᠨ ᠪᠠᠷᠠᠭᠤᠨ ᠢ ᠬᠤᠯᠪᠣᠭᠰᠠᠨ ᠬᠤᠲᠠ ᠶᠢᠨ ᠳᠤᠮᠳᠠᠬᠢ ᠤᠰᠤᠨ ᠰᠢᠰᠲ᠋ᠧᠮ ᠪᠠ ᠡᠮᠦᠨ᠎ᠡ ᠤᠮᠠᠷ᠎ᠠ ᠎ ᠶᠢ ᠬᠤᠯᠪᠣᠭᠰᠠᠨ ᠦᠵᠦᠮ ᠤᠨ ᠴᠡᠴᠡᠷᠯᠢᠭ ᠢ ᠪᠠᠶᠢᠭᠤᠯᠵᠤ᠂ ᠵᠢᠷᠭᠤᠭᠠᠨ ᠴᠡᠴᠡᠷᠯᠢᠭ ᠢ ᠬᠤᠯᠪᠣᠭᠰᠠᠨ ᠪᠣᠬᠢᠷᠲᠤᠯ ᠦᠭᠡᠢ ᠬᠤᠩᠭᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠲᠠᠯᠠᠪᠠᠢ ᠪᠠ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠲᠣᠰ ᠲᠣᠰ 22 . 5 ᠲᠡᠭᠰᠢ ᠳᠥᠷᠪᠡᠯᠵᠢᠨ ᠮᠧᠳ᠋ᠷ ᠪᠠ 46 %᠎ ᠳᠤ ᠬᠦᠷᠴᠦ᠂ ᠴᠥᠮ ᠪᠦᠬᠦ ᠤᠯᠤᠰ ᠠᠴᠠ ᠳᠤᠮᠳᠠᠴᠢ ᠬᠢᠷᠢ ᠲᠦᠪᠰᠢᠨ ᠎ ᠠᠴᠠ ᠳᠠᠪᠠᠪᠠ᠃      ᠲᠠᠪᠤᠨ ᠵᠢᠯ ᠤᠨ ᠲᠤᠷᠰᠢ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠲᠦᠷᠭᠡᠨ ᠳᠡᠭᠡᠭᠰᠢᠯᠡᠪᠡ᠃ ᠨᠡᠶᠢᠲᠡ 100 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠵᠦ᠂ 51 ᠬᠡᠰᠡᠭ ᠪᠠᠶᠢᠰᠢᠩᠲᠤ ᠲᠣᠭᠤᠷᠢᠭ ᠤᠨ 1 . 28 ᠲᠦᠮᠡᠨ ᠡᠷᠦᠬᠡ ᠶᠢᠨ ᠭᠡᠷ ᠪᠠᠶᠢᠰᠢᠩ ᠢ ᠲᠠᠲᠠᠪᠤᠷᠢᠯᠠᠨ ᠠᠪᠴᠤ᠂ 164 . 5 ᠲᠦᠮᠡᠨ ᠲᠡᠭᠰᠢ ᠳᠥᠷᠪᠡᠯᠵᠢᠨ ᠮᠧᠲ ᠷ᠊ ᠭᠠᠵᠠᠷ ᠰᠢᠷᠣᠶ ᠶᠢ ᠬᠤᠷᠢᠶᠠᠨ ᠨᠥᠭᠡᠴᠡᠯᠡᠵᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠲᠥᠪᠬᠢᠨᠡᠭᠦᠯᠬᠦ ᠲᠣᠭᠤᠷᠢᠭ ᠤᠨ 6311 ᠢᠵᠢ ᠣᠷᠣᠨ ᠰᠠᠭᠤᠴᠠ ᠶᠢ 5᠎ ᠶᠢ ᠪᠠᠶᠢᠭᠤᠯᠪᠠ᠃ ᠵᠠᠬ᠎ᠠ ᠳᠡᠯᠭᠡᠭᠦᠷ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠵᠦ 12 ᠠᠰᠠᠭᠤᠳᠠᠯ ᠲᠠᠢ ᠠᠰᠠᠷ ᠢ ᠰᠡᠷᠭᠦᠭᠡᠨ ᠠᠵᠢᠯ ᠢᠶᠠᠨ ᠰᠡᠷᠭᠦᠭᠡᠬᠦ ᠶᠢ ᠠᠬᠢᠭᠤᠯᠪᠠ᠃ ᠨᠤᠷᠠᠭᠠᠵᠤ ᠥᠭᠡᠷᠡᠴᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ 58 ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠪᠠ 5 ᠳᠥᠭᠦᠮ ᠪᠦᠲᠦᠴᠡᠲᠦ ᠪᠤᠰᠤ ᠣᠷᠣᠨ ᠰᠠᠭᠤᠴᠠ ᠎ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠪᠡ᠃ ᠬᠤᠲᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠭᠰᠠᠨ ᠵᠠᠮ ᠤᠨ ᠤᠷᠲᠤ 132 . 6 ᠺᠢᠯᠣᠮᠧᠲᠷ ᠲᠤ ᠬᠦᠷᠴᠦ᠂ ᠪᠣᠬᠢᠷ ᠤᠰᠤ ᠪᠣᠯᠤᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠲᠠᠰᠤᠷᠠᠯᠲᠠ ᠤᠢᠭᠡᠢ ᠲᠡᠭᠦᠯᠳᠡᠷᠵᠢᠵᠦ᠂ ᠦᠶᠡᠷ ᠢ ᠰᠡᠷᠭᠡᠶᠢᠯᠡᠬᠦ ᠰᠤᠪᠠᠭ ᠤᠨ ᠰᠢᠰᠲ ᠧᠮ ᠢ ᠨᠡᠪᠲᠡᠷᠡᠭᠦᠯᠦᠨ ᠰᠡᠯᠪᠢᠨ ᠵᠠᠰᠠᠵᠤ᠂ ᠨᠢᠭᠡ ᠪᠦᠯᠦᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠬᠡᠪ ᠵᠠᠭᠪᠤᠷ ᠢ ᠬᠡᠷᠡᠭᠯᠡᠨ ᠲᠦᠷᠭᠡᠳᠬᠡᠨ ᠬᠡᠷᠡᠭᠵᠢᠭᠦᠯᠦᠭᠰᠡᠨ ᠤ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠰᠠᠶᠢᠰᠢᠶᠠᠯ ᠢ ᠬᠦᠷᠲᠡᠪᠡ᠃ ᠬᠤᠲᠠ ᠶᠢᠨ ᠬᠠᠮᠢᠶᠠᠷᠤᠯᠲᠠ ᠶᠢᠨ ᠵᠥᠪᠯᠡᠯ ᠢᠶᠠᠷ ᠲᠦᠷᠦᠭᠦᠯᠡᠭᠦᠯᠦᠭᠰᠡᠨ᠂ ᠰᠠᠯᠠᠭ᠎ᠠ ᠮᠥᠴᠢᠷ ᠤᠳ ᠵᠣᠬᠢᠴᠠᠯᠳᠤᠨ ᠬᠠᠮᠲᠤᠷᠠᠨ ᠬᠥᠳᠡᠯᠦᠯᠴᠡᠭᠰᠡᠨ ᠲᠣᠮᠣ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮᠵᠢ ᠎ ᠶᠢ ᠪᠠᠶᠢᠭᠤᠯᠵᠤ᠂ ᠣᠯᠠᠨ ᠵᠦᠢᠯ ᠤᠨ ᠰᠠᠭᠤᠷᠢ ᠲᠥᠯᠥᠪᠰᠢᠷᠡᠯ ᠤᠨ ᠴᠢᠨᠠᠷᠲᠠᠶ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠬᠤᠲᠠ ᠶᠢᠨ ᠬᠠᠮᠢᠶᠠᠷᠤᠯᠲᠠ ᠶᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠪᠣᠯᠭᠠᠵᠤ᠂ ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ 《 ᠳᠥᠷᠪᠡᠨ ᠰᠠᠶᠢᠨ ᠬᠥᠳᠡᠭᠡ ᠲᠣᠰᠬᠤᠨ ᠤ ᠵᠠᠮ 》 ( 2 )᠎ ᠤᠨ ᠣᠷᠳᠣ 212 ᠺᠢᠯᠣᠮᠧᠲᠷ ᠲᠤ ᠬᠦᠷᠴᠦ᠂ ᠲᠣᠰᠬᠤᠨ ᠪᠠᠯᠭᠠᠰᠤ ᠶᠢᠨ ᠵᠡᠭᠡᠯᠢ ᠭᠤᠳᠤᠮᠵᠢ ᠶᠢᠨ ᠬᠠᠲᠠᠭᠤᠷᠠᠭᠤᠯᠤᠯᠲᠠ ᠶᠢᠨ ᠨᠣᠷᠮ᠎ᠠ 100 %᠎ ᠳᠤ ᠬᠦᠷᠴᠦ᠂ ᠪᠣᠬᠢᠷ ᠤᠰᠤ ᠪᠠ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠬᠤᠷᠢᠶᠠᠵᠤ ᠰᠢᠶᠳᠪᠦᠷᠢᠯᠡᠬᠦ ᠶᠢ ᠪᠡᠶᠡᠯᠡᠭᠦᠯᠵᠦ᠂ ᠨᠡᠶᠢᠲᠡ ᠶᠢᠨ ᠵᠣᠷᠯᠣᠩ ᠤᠨ ᠪᠦᠷᠬᠦᠴᠡ ᠶᠢᠨ ᠨᠣᠷᠮ᠎ᠠ 85 %᠎ ᠳᠤ ᠬᠦᠷᠴᠦ᠂ ᠪᠥᠬᠦ ᠣᠷᠣᠨ ᠤ ᠬᠤᠲᠠ ᠪᠠᠯᠭᠠᠰᠤᠵᠢᠯᠲᠠ ᠶᠢᠨ ᠨᠣᠷᠮ᠎ᠠ 94 . 28 %᠎ ᠳᠤ ᠬᠦᠷᠴᠦ᠂ ᠴᠢᠶᠠᠨ ᠯᠢ ᠱᠠᠨ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢᠨ ᠢᠷᠠᠭᠤ ᠠᠯᠳᠠᠷ ᠢ ᠭᠥᠷᠳᠡᠵᠦ᠂ 3 ᠵᠠᠰᠠᠭ ᠵᠠᠬᠢᠷᠭᠠᠨ ᠤ ᠲᠣᠰᠬᠤᠨ ᠥᠪᠡᠷᠲᠡᠭᠡᠨ ᠵᠠᠰᠠᠬᠤ ᠣᠷᠣᠨ ᠤ ᠲᠠᠰ ᠤᠨ 《 ᠡᠷᠡᠭᠦᠯ ᠬᠠᠮᠠᠭᠠᠯᠠᠯ ᠤᠨ ᠲᠣᠰᠬᠤᠨ 》᠎ ᠢᠶᠠᠷ ᠦᠨᠡᠯᠡᠭᠳᠡᠪᠡ᠃      ᠲᠠᠪᠤᠨ ᠵᠢᠯ ᠤᠨ ᠲᠤᠷᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 《 ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ 》 ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠡᠯ᠎ᠡ ᠲᠦᠷᠦᠯ ᠤᠨ ᠬᠢᠨᠠᠨ ᠵᠥᠪᠰᠢᠶᠡᠷᠡᠬᠦ ᠵᠢᠷᠤᠮ ᠢ ᠶᠡᠭᠡ ᠪᠠᠷ ᠴᠣᠮᠬᠠᠳᠬᠠᠵᠤ᠂ ᠠᠵᠤ ᠠᠬᠤᠶᠢᠯᠠᠯ ᠢ ᠳᠠᠩᠰᠠᠯᠠᠭᠤᠯᠤᠨ ᠪᠠᠶᠢᠭᠤᠯᠬᠤ ᠲᠤᠬᠠᠢ ᠶᠢᠨ ᠡᠳᠦᠷ ᠲᠤᠨᠢ ᠰᠢᠢᠳᠪᠦᠷᠢᠯᠡᠨ ᠳᠠᠭᠤᠰᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠨᠡᠶᠢᠲᠡ 1 . 47 ᠲᠦᠮᠡ ᠨᠡᠮᠡᠭᠳᠡᠪᠡ᠃ ᠬᠢᠨᠠᠨ ᠵᠥᠪᠰᠢᠶᠡᠷᠡᠬᠦ ᠠᠮᠠᠯᠠᠯᠲᠠ ᠶᠢᠨ ᠲᠦᠷᠢᠮ ᠪᠠ ᠳᠤᠲᠠᠭᠤᠳᠠᠯ ᠢ ᠪᠠᠭᠲᠠᠭᠠᠬᠤ ᠲᠣᠭᠲᠠᠴᠠ ᠶᠢ ᠬᠡᠷᠡᠭᠵᠢᠭᠦᠯᠬᠦ ᠶᠢ ᠠᠬᠢᠭᠤᠯᠵᠤ᠂ ᠣᠨᠴᠠᠭᠠᠢ ᠴᠢᠬᠤᠯᠠ ᠶᠡᠭᠡ ᠵᠦᠢᠯᠡᠰ ᠢ ᠬᠢᠨᠠᠨ ᠵᠥᠪᠰᠢᠶᠡᠷᠡᠬᠦ ᠳᠤ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠎ᠡ᠃ 《 ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ 》᠎ ᠶᠢ ᠨᠠᠶᠢᠳᠠᠪᠤᠷᠢᠵᠢᠭᠤᠯᠵᠤ᠂ 429 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠲᠥᠪᠯᠡᠷᠡᠭᠦᠯᠦᠨ ᠰᠢᠢᠳᠪᠦᠷᠢᠯᠡᠵᠦ᠂ 411 ᠵᠦᠢᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠪᠠᠲᠤᠯᠠᠭ᠎ᠠ ᠎ ᠶᠢᠨ ᠴᠢᠳᠠᠪᠤᠷᠢ ᠴᠢᠩᠭᠠᠷᠠᠵᠤ᠂ ᠦᠢᠯᠡᠳᠪᠦᠷᠢᠯᠡᠯ ᠤᠨ ᠤᠰᠤ ᠬᠡᠷᠡᠭᠯᠡᠬᠦ ᠪᠠᠲᠤᠯᠠᠭ᠎ᠠ ᠶᠢᠨ ᠴᠢᠳᠠᠪᠤᠷᠢ 1500 ᠲᠦᠮᠡᠨ ᠲᠣᠨ ᠳᠤ ᠬᠦᠷᠴᠦ᠂ ᠬᠦᠴᠦᠳᠡᠯ ᠥᠭᠡᠷᠡᠴᠢᠯᠡᠬᠦ ᠥᠷᠲᠡᠭᠡ 6 ᠰᠠᠭᠤᠷᠢ ᠪᠣᠯᠤᠨ ᠨᠡᠮᠡᠭᠳᠡᠵᠦ᠂ ᠪᠣᠬᠢᠷ ᠤᠰᠤ ᠎ ᠶᠢ ᠡᠳᠦᠷ ᠲᠤ ᠰᠢᠢᠳᠪᠦᠷᠢᠯᠡᠬᠦ ᠴᠢᠳᠠᠪᠤᠷᠢ 1 ᠲᠦᠮᠡᠨ ᠲᠣᠨ ᠳᠤ ᠬᠦᠷᠴᠦ᠂ ᠤᠯᠤᠰ ᠠᠴᠠ ᠲᠡᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠳᠠᠬᠢᠨ ᠬᠢᠨᠠᠯᠲᠠ ᠪᠠ ᠬᠦᠷᠢᠶᠡᠯᠡᠩ ᠲᠣᠭᠤᠷᠢᠭ ᠤᠨ ᠣᠷᠴᠢᠯ ᠥᠭᠡᠷᠡᠴᠢᠯᠡᠯᠲᠡ ᠎ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠰᠢᠯᠭᠠᠨ ᠠᠪᠤᠯᠲᠠ ᠳᠤ ᠤᠷᠤᠭᠰᠢᠲᠠᠢ ᠬᠢᠷᠢ ᠲᠡᠩᠴᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠨᠡᠶᠢᠲᠡ 50 ᠭᠠᠷᠤᠶ ᠬᠡᠷᠡᠭᠵᠢᠭᠦᠯᠵᠦ᠂ 2900 ᠭᠠᠷᠤᠶ ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠣᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 17 ᠪᠣᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 10 ᠪᠣᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ ᠣᠯᠠᠨ ᠢᠶᠠᠷ ᠢᠶᠠᠨ ᠡᠭᠦᠳᠬᠦ ᠣᠷᠣᠨ ᠵᠠᠶ 3 ᠪᠣᠯᠵᠠᠶ᠃ ᠪᠥᠬᠦ ᠤᠯᠤᠰ ᠤᠨ ᠠᠩᠬᠠᠳᠠᠭᠴᠢ 《 ᠪᠣᠬᠢᠷᠲᠤᠯ ᠥᠬᠡᠶ ᠲᠣᠭᠲᠠᠮᠠᠯ ᠰᠣᠷᠢᠨᠵᠢᠨ ᠳᠠᠮᠵᠢᠭᠤᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 》 ᠪᠣᠯᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠪᠠᠷ ᠲᠡᠷᠢᠭᠦᠨ ᠲᠤᠰᠬᠠᠶ ᠮᠡᠷᠭᠡᠵᠢᠯᠲᠡᠨ ᠪᠣᠯᠭᠠᠭᠰᠠᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠪᠠ᠃      ᠲᠠᠪᠤᠨ ᠵᠢᠯ ᠤᠨ ᠲᠤᠷᠰᠢ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠠᠪᠤᠨ ᠵᠢᠯ ᠳᠠᠷᠠᠭᠠᠯᠠᠨ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠳᠠᠬᠢ ᠬᠠᠷᠢᠴᠠᠯ 77 %᠎ ᠢ ᠳᠠᠪᠠᠪᠠ᠃ ᠬᠤᠲᠠ ᠪᠠᠯᠭᠠᠰᠤᠨ ᠤ ᠠᠵᠢᠯ ᠣᠯᠤᠭᠰᠠᠳ ᠵᠢᠯ ᠪᠦᠷᠢ ᠳᠤᠮᠳᠠᠴᠢ ᠪᠠᠷ 2700 ᠬᠥᠮᠦᠨ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠪᠣᠯᠤᠨ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠡᠷᠦᠨᠢ ᠬᠢᠵᠠᠭᠠᠷᠯᠠᠭᠰᠠᠨ ᠭᠦᠢᠴᠡᠳᠬᠡᠬᠦ ᠲᠤᠭ᠎ᠠ ᠠᠴᠠ ᠳᠣᠣᠷ᠎ᠠ ᠪᠠᠶᠢᠭᠰᠠᠭᠠᠷ ᠢᠷᠡᠪᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠵᠢᠯ ᠳᠠᠷᠠᠭᠠᠯᠠᠨ ᠨᠡᠮᠡᠭᠳᠡᠵᠦ᠂ ᠡᠯ᠎ᠡ ᠲᠥᠷᠥᠯ ᠤᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ ᠲᠤᠭ᠎ᠠ ᠶᠣᠰᠣᠭᠠᠷ ᠭᠦᠢᠴᠡᠳ ᠲᠠᠷᠬᠠᠭᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ ᠎ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠵᠠᠰᠠᠭ ᠎ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠠᠯᠬᠤᠮ ᠠᠯᠬᠤᠮ ᠢᠶᠠᠷ ᠪᠠᠭᠤᠷᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠡᠭᠦᠰᠬᠦ ᠨᠣᠷᠮ᠎ᠠ ᠦᠷᠭᠦᠯᠵᠢᠯᠡᠨ ᠲᠡᠭ ᠪᠣᠯᠵᠣ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠎ ᠤᠨ ᠳᠠᠷᠤᠭᠳᠠᠮᠠᠯ ᠬᠡᠷᠡᠭ ᠢ ᠲᠣᠬᠢᠲᠠᠶ ᠰᠢᠶᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠯᠠᠪᠳᠠᠭᠤᠨ ᠢᠶᠠᠷ ᠳᠡᠭᠡᠭᠰᠢᠯᠡᠪᠡ᠃ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠷᠤᠭᠰᠢᠲᠠᠶ ᠶᠠᠪᠤᠭᠳᠠᠪᠠ᠃ 8 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ( 5 )᠎ ᠤᠨ ᠪᠦᠷᠬᠦᠴᠡ ᠶᠢᠨ ᠨᠣᠷᠮ᠎ᠠ ᠶᠢ 95 . 5 %᠎ ᠳᠤ ᠬᠦᠷᠭᠡᠵᠦ᠂ 2 ᠵᠢᠯ ᠤᠷᠢᠳᠴᠢᠯᠠᠨ ᠤᠯᠤᠰ ᠤᠨ ᠪᠠᠷᠢᠮᠵᠢᠶ᠎ᠠ ᠳᠤ ᠬᠦᠷᠭᠡᠨ᠎ᠡ᠃ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠵᠢᠴᠢ ᠬᠠᠷᠢᠶᠠᠲᠤ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠎ ᠤᠨ ᠦᠶᠯᠡᠴᠢᠯᠡᠭᠡᠨ ᠤ ᠲᠥᠪ ᠪᠠᠯᠭᠠᠰᠤ ᠪᠠ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ ᠱᠠᠲᠤ ᠬᠤᠪᠢᠶᠠᠨ ᠣᠨᠣᠰᠢᠯᠠᠨ ᠡᠮᠨᠡᠬᠦ ( 6 ) ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠣᠷᠣᠨ ᠎ ᠤ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠯᠠᠨ ᠲᠦᠮᠡᠨ ᠤ ᠮᠡᠳᠡᠷᠡᠬᠦ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠤᠷᠢᠳ ᠬᠤᠵᠢᠳ ᠡᠭᠦᠳᠦᠨ ᠪᠠᠶᠢᠭᠤᠯᠤᠭᠠᠳ ᠠᠮᠵᠢᠯᠲᠠ ᠤᠯᠪᠠ᠃ ᠬᠠᠶᠢᠷᠤᠪ ᠤᠨ ᠲᠤᠬᠤᠢ ᠶᠢᠨ ᠤᠯᠠᠭᠠᠨᠮᠥ᠋ᠴᠢᠷ ᠢ ᠪᠠᠶᠢᠭᠤᠯᠵᠤ᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠤᠯᠤᠰ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ 《 ᠠᠷᠪᠠᠨ ᠭᠤᠷᠪᠠᠳᠤᠭᠠᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠠᠷᠠᠯᠲᠠ ᠠᠴᠠ ᠳᠠᠪᠠᠵᠤ᠂ ᠰᠣᠶᠣᠯ ᠪᠡᠶ᠎ᠡ ᠶᠢᠨ ᠲᠠᠮᠢᠷ ᠎ ᠤᠨ ᠦᠢᠯᠡᠰ ᠨᠡᠩ ᠴᠡᠴᠡᠭᠯᠡᠨ ᠬᠥᠭᠵᠢᠪᠡ᠃       ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠡᠮᠦᠨ᠎ᠡ ᠡᠷᠡᠯᠬᠡᠭ ᠵᠣᠷᠢᠭ ᠢᠶᠠᠨ ᠢᠯᠡᠷᠡᠭᠦᠯᠵᠦ᠂ ᠬᠠᠲᠠᠭᠤᠵᠢᠨ ᠪᠣᠯᠪᠠᠰᠤᠷᠠᠭᠠᠳ ᠠᠮᠵᠢᠯᠲᠠ ᠣᠯᠵᠠᠶ᠃ ᠲᠤᠶᠢᠯ ᠤᠨ ᠶᠡᠷᠦ ᠪᠤᠰᠤ ᠶᠢᠨ ᠲᠠᠪᠤᠨ ᠵᠢᠯ ᠢ ᠡᠷᠭᠢᠴᠡᠭᠦᠯᠬᠦᠶ᠎ᠡ᠂ ᠪᠢᠳᠡ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠨᠢᠭᠡ ᠪᠦᠯᠦᠭ ᠲᠡᠦᠬᠡᠨ ᠎ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠵᠦ᠂ ᠨᠢᠭᠡ ᠪᠦᠯᠦᠭ ᠠᠯᠤᠰ ᠬᠡᠲᠦ ᠳᠤ ᠠᠰᠢᠭᠲᠠᠶ ᠰᠠᠭᠤᠷᠢ ᠪᠥᠲᠥᠭᠡᠨ ᠪᠠᠶᠢᠭᠤᠯᠬᠤ ᠲᠥᠷᠥᠯ ᠵᠦᠶᠯ ᠢ ᠨᠠᠷᠢᠯᠢᠭ ᠣᠨᠣᠪᠴᠢᠲᠠᠶ ᠲᠥᠯᠥᠪᠵᠢᠭᠦᠯᠦᠨ ᠬᠡᠷᠡᠭᠵᠢᠭᠦᠯᠵᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠳᠡᠯᠪᠢᠨ ᠪᠦᠲᠦᠭᠡᠵᠡᠶ᠂ ᠡᠨᠡ ᠪᠣᠯ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢᠳᠦ ᠵᠠᠭᠤᠨ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠎ ᠤ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠲᠠᠪᠤᠨ ᠵᠢᠯ ᠤᠨ ᠬᠠᠲᠠᠭᠤᠵᠢᠯᠲᠠᠶ ᠴᠢᠷᠮᠠᠶᠢᠯᠭ᠎ᠠ᠂ ᠠᠮᠵᠢᠯᠲᠠ ᠪᠦᠲᠦᠮᠵᠢ ᠣᠯᠤᠭᠰᠠᠨ ᠪᠥᠭᠡᠳ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠪᠠᠭᠴᠠᠯᠠᠭᠠᠳ ᠬᠡᠯᠡᠪᠡᠯ ᠭᠤᠣᠯᠳᠠᠭᠤ᠄      ᠡᠷᠬᠡᠪᠰᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠤᠮᠳᠠ ᠠᠴᠠ ᠨᠢ ᠴᠢᠭᠯᠡᠯ ᠡᠷᠢᠵᠦ᠂ ᠠᠷᠭ᠎ᠠ ᠡᠷᠢᠵᠦ᠂ ᠬᠠᠷᠢᠭᠤᠯᠲᠠ ᠡᠷᠢᠵᠦ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃      ᠡᠷᠬᠡᠪᠰᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠬᠠᠤᠯᠢᠵᠢᠯ ᠤᠨ ᠤᠬᠠᠮᠰᠠᠷ ᠢ ᠪᠠᠲᠤ ᠪᠤᠢ ᠪᠣᠯᠭᠠᠵᠤ᠂ ᠬᠠᠤᠯᠢᠵᠢᠯ ᠤᠨ ᠰᠡᠳᠬᠢᠬᠦᠢ ᠪᠠᠨ ᠴᠢᠩᠭᠠᠳᠬᠠᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠬᠠᠤᠯᠢ ᠶᠣᠰᠣᠭᠠᠷ ᠠᠷᠭᠠᠴᠠᠭᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠰᠠᠶᠢᠨ ᠬᠠᠤᠯᠢ ᠪᠠᠷ ᠰᠠᠶᠢᠲᠤᠷ ᠵᠠᠰᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃      ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠬᠡ ᠠᠰᠢᠭ ᠢ ᠪᠠᠲᠤᠯᠠᠬᠤ᠂ ᠠᠷᠠᠳ ᠲᠦᠮᠡᠨ ᠎ ᠤ ᠰᠠᠨᠠᠭᠠᠨ ᠳᠤ ᠨᠡᠶᠢᠴᠡᠭᠦᠯᠬᠦ ᠪᠠᠷ ᠴᠢᠷᠮᠠᠶᠢᠬᠤ ᠡᠭᠦᠳᠡᠨ ᠠᠴᠠ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃      ᠡᠷᠬᠡᠪᠰᠢ ᠬᠦᠴᠢᠷ ᠢ ᠰᠦᠷᠦᠨ ᠤᠷᠤᠭᠰᠢᠯᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠪᠤᠳᠤᠯᠢᠶᠠᠨᠲᠠᠢ ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠵᠤ᠂ ᠲᠡᠦᠬᠡ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠰᠢᠨᠵᠢᠯᠡᠬᠦ ᠤᠬᠠᠭᠠᠨᠴᠢ ᠠᠷᠭ᠎ᠠ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃      ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠶ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠰᠠᠨᠠᠭᠠᠰᠢᠷᠠᠨ ᠵᠣᠪᠠᠨᠢᠬᠤ ᠰᠡᠳᠬᠢᠯᠭᠡ ᠶᠢ ᠢᠮᠠᠭᠲᠠ ᠡᠪᠦᠷᠯᠡᠵᠦ᠂ ᠰᠢᠳᠠᠷ᠎ᠠ ᠪᠠᠨ ᠰᠠᠶᠢᠲᠤᠷ ᠲᠠᠯᠪᠢᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠮᠢ ᠠᠬᠤᠢ ᠶᠢᠨ ᠠᠮᠤᠷ ᠲᠦᠪᠰᠢᠨ ᠤ ᠤᠯᠠᠭᠠᠨ ᠱᠤᠭᠤᠮ ᠢ ᠰᠠᠶᠢᠲᠤᠷ ᠰᠠᠬᠢᠬᠤ ᠬᠡᠷᠡᠭᠲᠡᠢ᠃      ᠲᠥᠯᠥᠭᠡᠯᠡᠭᠴᠢᠳ ᠡ᠂ ᠰᠠᠶᠢᠬᠠᠨ ᠥᠩᠭᠡᠷᠡᠭᠰᠡᠨ 2020 ᠣᠨ ᠳᠤ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠳᠡᠪᠬᠢᠲᠡᠶ ᠰᠡᠷᠭᠡᠶᠢᠯᠡᠨ ᠡᠵᠡᠮᠳᠡᠵᠦ᠂ ᠠᠵᠤ ᠠᠬᠤᠶ ᠨᠡᠶᠢᠭᠡᠮ ᠎ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》 ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠢᠵᠢᠭ ᠤᠨ ᠪᠠᠶᠢᠳᠠᠯ ᠤᠨ ᠨᠥᠯᠥᠭᠡ ᠶᠢ ᠪᠥᠬᠦ ᠬᠦᠴᠦᠨ ᠢᠶᠠᠷ ᠢᠶᠠᠨ ᠪᠠᠭᠠᠰᠬᠠᠵᠤ᠂ ᠠᠵᠤ ᠠᠬᠤᠶ ᠶᠢᠨ ᠠᠵᠢᠯᠯᠠᠭᠠᠨ ᠤ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠷᠪᠠᠳᠤᠭᠠᠷ ᠬᠤᠭᠤᠴᠠᠭᠠᠨ ᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠵᠦᠶᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 261 . 57 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6 . 9 %᠎ ᠪᠠᠷ ᠨᠡᠮᠡᠭᠳᠡᠪᠡ; ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 74 . 23 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0 . 6 % ᠨᠡᠮᠡᠭᠳᠡᠪᠡ; ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 23 . 7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 16 . 19 % ᠨᠡᠮᠡᠭᠳᠡᠪᠡ; ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃      ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠦᠴᠦᠲᠡᠶ ᠪᠥᠭᠡᠳ ᠡᠮᠬᠢ ᠵᠢᠷᠤᠮ ᠲᠠᠢ ᠪᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠎ ᠶᠢᠨ ᠪᠣᠳᠠᠲᠠᠶ ᠲᠣᠬᠢᠷᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ 》 ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠪᠣᠯᠤᠨ ᠪᠣᠶ ᠪᠥᠬᠦᠶ ᠣᠷᠣᠨ ᠰᠠᠭᠤᠴᠠ ᠶᠢᠨ ᠲᠣᠭᠤᠷᠢᠭ ᠲᠤ 24 ᠴᠠᠭ ᠢᠶᠠᠷ ᠵᠢᠵᠢᠭᠦᠷᠯᠡᠨ ᠰᠠᠬᠢᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠭᠤᠤᠯᠳᠠᠯᠭ᠎ᠠ ᠎ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ 329 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ᠂ 1700 ᠭᠠᠷᠤᠶ ᠲᠦᠮᠡᠨ ᠲᠥᠭᠦᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠪᠠᠲᠤᠯᠠᠵᠤ᠂ ᠣᠯᠠᠨ ᠲᠦᠮᠡᠨ ᠳᠤ ᠲᠦᠰᠢᠭᠯᠡᠨ ᠠᠮᠢ ᠨᠠᠰᠤᠨ ᠤ ᠡᠷᠡᠭᠦᠯ ᠮᠡᠨᠳᠦ ᠶᠢᠨ 《 ᠬᠠᠮᠠᠭᠠᠯᠠᠯᠲᠠ ᠶᠢᠨ ᠲᠣᠤᠷ 》᠎ ᠢ ᠨᠢᠭᠲᠠ ᠰᠦᠯᠵᠢᠪᠡ᠃ 2 ᠣᠨᠣᠰᠢᠯᠠᠭᠰᠠᠨ ᠡᠪᠡᠳᠴᠢᠨ ᠤ ᠵᠢᠱᠢᠶ᠎ᠡ ᠡᠳᠡᠭᠡᠷᠡᠭᠰᠡᠨ ᠤ ᠲᠠᠷᠠᠭ᠎ᠠ᠂ ᠴᠠᠭ ᠪᠠ ᠪᠠᠶᠢᠳᠠᠯ ᠳᠤ ᠲᠤᠬᠢᠷᠠᠭᠤᠯᠤᠨ ᠰᠡᠷᠭᠡᠶᠢᠯᠡᠨ ᠡᠵᠡᠮᠳᠡᠬᠦ ᠲᠡᠰ ᠲᠤ ᠲᠤᠬᠢᠷᠠᠭᠤᠯᠤᠯᠳᠠ ᠬᠢᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠰᠤᠷᠭᠠᠭᠤᠯᠢ ᠪᠠ ᠵᠠᠬ᠎ᠠ ᠳᠡᠯᠭᠡᠭᠦᠷ ᠤᠨ ᠬᠢᠴᠢᠶᠡᠯ ᠰᠡᠷᠭᠦᠭᠡᠬᠦ ᠵᠠᠬ᠎ᠠ ᠳᠡᠯᠭᠡᠭᠦᠷ ᠢ ᠰᠡᠷᠭᠦᠭᠡᠬᠦ ᠶᠢ ᠱᠠᠳᠤ ᠳᠠᠷᠠᠭᠠᠯᠠᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠮᠢᠳᠤᠷᠠᠯ ᠤᠨ ᠡᠮᠬᠢ ᠳᠢᠭᠯᠢᠮ ᠢ ᠬᠠᠮᠤᠭ ᠤᠨ ᠣᠬᠤᠷ ᠬᠤᠭᠤᠴᠠᠭᠠᠨ ᠎ ᠳᠤ ᠰᠡᠷᠭᠦᠭᠡᠪᠡ᠃ ᠡᠭᠦᠨ ᠤ ᠬᠠᠮᠲᠤ᠂ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ 》 ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠥᠮᠦᠰ ᠤᠨ ᠸᠠᠺᠼᠢᠨ ᠤ ᠲᠠᠷᠢᠯᠭ᠎ᠠ ᠬᠢᠵᠦ᠂ ᠣᠲᠣ ᠪᠣᠯᠲᠠᠯ᠎ᠠ ᠣᠨᠣᠰᠢᠯᠠᠭᠰᠠᠨ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢᠨ 《 ᠨᠡᠮᠡᠭᠳᠡᠬᠦ ᠥᠬᠡᠶ 》 ᠪᠠᠶᠢᠬᠤ ᠶᠢ ᠪᠠᠲᠤᠯᠠᠪᠠ᠃      ᠲᠥᠯᠥᠭᠡᠯᠡᠭᠴᠢᠳ ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠯ᠎ᠡ ᠱᠠᠲᠤᠨ ᠎ ᠤ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠠᠭᠤᠭᠠᠯᠢ ᠠᠷᠠᠳ ᠤᠨ ᠲᠣᠭᠤᠷᠢᠭ ᠪᠣᠯᠤᠨ ᠬᠤᠷᠢᠭ᠎ᠠ ᠪᠣᠭᠤᠮᠲᠠ ᠶᠢ 24 ᠴᠠᠭ ᠪᠠᠲᠤ ᠰᠠᠬᠢᠪᠠ; ᠡᠮᠴᠢ ᠰᠤᠪᠢᠯᠠᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ᠂ ᠰᠠᠶᠢᠨ ᠳᠤᠷᠠᠴᠤᠳ ᠬᠡᠷ ᠣᠷᠣᠨ ᠢᠶᠠᠨ ᠬᠠᠶᠠᠵᠤ᠂ ᠰᠡᠷᠭᠡᠶᠢᠯᠡᠨ ᠡᠵᠡᠮᠳᠡᠬᠦ ᠪᠠ ᠠᠷᠢᠭᠤᠳᠬᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠪᠡ; ᠥᠷᠭᠡᠨ ᠣᠯᠠᠨ ᠲᠦᠮᠡᠨ ᠤᠬᠠᠮᠰᠠᠷ ᠠᠴᠠ ᠪᠠᠨ 《 ᠭᠡᠷ ᠲᠡᠭᠡᠨ ᠰᠠᠭᠤᠵᠤ ᠠᠮᠢᠳᠤᠷᠠᠬᠤ 》᠂ ᠸᠢᠷᠦ᠋ᠰ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠶ ᠲᠠᠰᠤᠯᠬᠤ ᠬᠡᠷᠡᠭᠲᠡᠶ᠃ ᠠᠳᠡ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠠᠷᠠᠮ ᠥᠬᠡᠶ ᠵᠣᠷᠢᠭᠤᠯᠵᠤ᠂ ᠡᠷᠡᠯᠬᠡᠭ ᠪᠠᠭᠠᠲᠤᠷᠯᠢᠭ ᠢᠶᠠᠷ ᠵᠣᠷᠢᠭᠤᠯᠤᠭᠰᠠᠨ ᠪᠣᠶ ᠪᠥᠬᠦᠶ ᠨᠥᠬᠦᠳ᠂ ᠪᠥᠬᠦ ᠣᠷᠣᠨ ᠤ 31 ᠲᠦᠮᠡᠨ ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ!      ᠬᠤᠶᠠᠷ ᠲᠤ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ᠂ ᠬᠠᠷᠢᠭᠤᠴᠠᠯᠭ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ 34 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶᠯ ᠢ 12 ᠰᠢᠨ᠎ᠡ ᠪᠠᠷ ᠨᠡᠮᠡᠭᠳᠡᠭᠦᠯᠵᠦ᠂ ᠠᠵᠤ ᠠᠬᠤᠶ ᠶᠢᠨ ᠣᠷᠣᠯᠭ᠎ᠠ ᠶᠢᠨ ᠶᠡᠷᠦᠩᠬᠡᠶ ᠲᠤᠭ᠎ᠠ 108 . 12 ᠲᠦᠮᠡᠨ ᠲᠥᠭᠦᠷᠢᠭ ᠲᠤ ᠬᠦᠷᠴᠦ᠂ ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ ᠶᠢ ᠲᠡᠭ ᠪᠣᠯᠭᠠᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢᠨ 139 . 31 %᠎ ᠶᠢ ᠪᠡᠶᠡᠯᠡᠭᠦᠯᠵᠦ᠂ ᠥᠷᠢ ᠥᠭᠴᠡᠭᠡ ᠶᠢᠨ ᠲᠦᠭᠰᠢᠭᠦᠷᠢ ᠶᠢᠨ ᠨᠣᠷᠮ᠎ᠠ ᠤᠯᠠᠮ ᠨᠢᠭᠡ ᠠᠯᠬᠤᠮ ᠪᠠᠭᠤᠷᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ 《 ᠡᠷᠬᠢᠨ ᠬᠠᠷᠠᠬᠤ 》᠎ ᠳᠤ ᠦᠯᠡᠳᠡᠭᠡᠭᠰᠡᠨ ᠠᠰᠠᠭᠤᠳᠠᠯ ᠢ ᠪᠦᠬᠦᠨ ᠢ ᠬᠦᠴᠦᠨ ᠥᠬᠡᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ 85 . 3 %᠎ ᠪᠠᠷ ᠴᠡᠭᠴᠡᠯᠡᠨ ᠰᠠᠶᠢᠵᠢᠷᠠᠭᠤᠯᠪᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠢ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠳᠤ ᠵᠠᠰᠠᠪᠤᠷᠢ ᠣᠷᠣᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ 65 ᠲᠦᠷᠦᠯ ᠵᠦᠢᠯ ᠢ ᠪᠡᠶᠡᠯᠡᠭᠦᠯᠵᠦ᠂ ᠮᠤᠤᠷ ᠤᠨ ᠭᠤᠤ᠂ ᠲᠡᠮᠡᠭᠡᠲᠦ ᠠᠭᠤᠯᠠ ᠶᠢᠨ ᠠᠭᠤᠷᠬᠠᠢ ᠶᠢᠨ ᠣᠷᠣᠨ ᠤ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠬᠡᠰᠡᠭᠷᠡᠨ ᠵᠠᠯᠭᠠᠯᠳᠤᠭᠰᠠᠨ ᠵᠠᠰᠠᠯᠲᠠ ᠶᠢᠨ ᠲᠦᠷᠦᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠵᠢᠩ ᠬᠠᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠦᠨᠡᠰᠦ ᠭᠠᠳᠠᠭᠰᠢᠯᠠᠭᠤᠯᠬᠤ ᠦᠢᠯᠡᠳᠪᠦᠷᠢ ᠵᠢᠴᠢ ᠡᠷᠬᠢᠨ ᠲᠣᠭᠤᠷᠢᠨ ᠤ ᠡᠵᠡᠨ ᠦᠭᠡᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠵᠠᠰᠠᠯᠲᠠ ᠶᠢᠨ ᠲᠦᠷᠦᠯ ᠵᠦᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠠᠭᠤᠷᠬᠠᠢ ᠶᠢᠨ ᠣᠷᠣᠨ ᠤ ᠵᠠᠮ ᠢ 5 . 5 ᠺᠢᠯᠤᠮᠧᠳ᠋ᠷ ᠵᠠᠰᠠᠨ ᠰᠡᠷᠭᠦᠭᠡᠵᠦ᠂ 《 ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ 》 27 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠵᠢᠶᠠᠨ ᠯᠦᠩ ᠵᠡᠷᠭᠡ 6 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠥᠩᠭᠡᠷᠡᠭᠦᠯᠵᠦ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 83 . 1 %᠃ 《 ᠭᠤᠣᠯ ᠮᠥᠷᠡᠨ ᠤ ᠳᠠᠷᠤᠭ᠎ᠠ ᠶᠢᠨ ᠲᠦᠷᠢᠮ 》 ( 9 )᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤᠨ ᠎ ᠤ ᠡᠬᠢ ᠰᠤᠷᠪᠤᠯᠵᠢ ᠶᠢ ᠰᠢᠯᠢᠳᠡᠭᠵᠢᠭᠦᠯᠦᠨ ᠲᠤᠬᠢᠷᠠᠭᠤᠯᠬᠤ ᠶᠢ ᠲᠦᠷᠭᠡᠳᠬᠡᠵᠦ᠂ 6 ᠭᠤᠣᠯ ᠮᠥᠷᠡᠨ ᠨᠠᠭᠤᠷ ᠴᠥᠭᠦᠷᠥᠮ ᠤᠨ ᠵᠠᠭᠠᠭ ᠬᠢᠵᠠᠭᠠᠷ ᠢ ᠲᠣᠭᠲᠠᠭᠠᠬᠤ ᠠᠵᠢᠯ ᠢ ᠳᠠᠭᠤᠰᠬᠠᠵᠤ᠂ ᠴᠢᠶᠠᠨ ᠯᠢ ᠭᠧᠤ ᠭᠤᠣᠯ ᠮᠥᠷᠡᠨ ᠢ ᠵᠠᠰᠠᠬᠤ ᠢᠨᠵᠧᠨᠧᠷᠢᠩ ᠢ ᠳᠠᠭᠤᠰᠬᠠᠪᠠ᠃ ᠪᠥᠬᠦ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠪᠠᠶᠢᠳᠠᠯ ᠢᠶᠠᠨ ᠪᠠᠲᠤᠯᠠᠪᠠ᠃      ᠭᠤᠷᠪᠠ ᠳᠤ 《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》᠎ ᠶᠢ ᠯᠠᠪᠳᠠᠭᠤᠨ ᠪᠠᠲᠤᠲᠠᠶ ᠠᠬᠢᠭᠤᠯᠪᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ 《 ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠎ ᠶᠢ ᠲᠣᠭᠲᠠᠪᠤᠷᠢᠵᠢᠭᠤᠯᠬᠤ 》 ᠠᠵᠢᠯ ᠠᠯᠳᠠᠯᠲᠠ ᠶᠢᠨ ᠳᠠᠭᠠᠳᠬᠠᠯ ᠤᠨ ᠰᠦᠶᠳᠬᠡᠯ ᠢ 778 . 91 ᠲᠦᠮᠡᠨ ᠲᠥᠭᠦᠷᠢᠭ ᠪᠤᠴᠠᠭᠠᠨ ᠥᠭᠴᠦ᠂ 8880 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠲᠠᠯᠪᠢᠵᠤ᠂ 2400 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 . 25 %᠎ ᠪᠠᠷ ᠬᠢᠵᠠᠭᠠᠷᠯᠠᠪᠠ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠪᠥᠬᠦ ᠵᠢᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 21 . 4 %᠎ ᠶᠢᠨ ᠥᠨᠳᠥᠷ ᠨᠡᠮᠡᠭᠳᠡᠯ ᠢ ᠪᠡᠶᠡᠯᠡᠭᠦᠯᠪᠡ᠃ ᠵᠢᠶᠠᠨ ᠯᠦᠩ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠸᠠᠨ ᠲᠧᠩ ᠪᠤᠯᠤᠳ ᠤᠨ ᠭᠠᠷᠤᠯᠲᠠ 230 ᠲᠦᠮᠡᠨ ᠲᠣᠨ ᠳᠤ ᠬᠦᠷᠴᠦ᠂ ᠵᠢᠶᠠᠨ ᠯᠦᠩ ᠰᠠᠢ ᠰᠧ ᠫᠦ ᠶᠢᠨ ᠥᠨᠳᠥᠷ ᠴᠡᠪᠡᠷ ᠴᠢᠳᠬᠤᠬᠤ ᠲᠦᠷᠦᠯ ᠵᠦᠢᠯ ᠢ ᠲᠤᠷᠰᠢᠨ ᠦᠢᠯᠡᠳᠪᠦᠷᠢᠯᠡᠵᠦ᠂ ᠱᠠᠨᠰᠢ ᠶᠢᠨ ᠮᠠᠰᠢᠨ ᠲᠡᠷᠭᠡᠨ ᠤ ᠲᠤᠰᠬᠠᠢ ᠮᠠᠰᠢᠨ ᠲᠡᠷᠭᠡᠨ ᠤ ᠵᠢᠯ ᠤᠨ ᠭᠠᠷᠤᠯᠲᠠ ᠲᠦᠮᠡᠨ ᠰᠠᠤᠷᠢ ᠶᠢ ᠳᠠᠪᠠᠵᠤ᠂ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠪᠦ᠋ᠦ ᠡᠦ ᠶᠢᠨ ᠵᠡᠭᠦᠦ ᠬᠡᠯᠪᠡᠷᠢᠲᠦ ᠬᠡᠦᠷᠰᠦ᠂ ᠪᠦ᠋ᠦ ᠵᠢᠶᠧ ᠰᠢᠨ᠎ᠡ ᠡᠨᠧᠷᠭᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠤᠳᠠᠯ ᠦᠭᠡᠢ ᠠᠰᠢᠭᠯᠠᠯᠲᠠ ᠳᠤ ᠣᠷᠣᠵᠤ᠂ ᠦᠬᠠᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠲᠡᠭᠡ ᠵᠡᠷᠭᠡ ᠲᠦᠷᠦᠯ ᠵᠦᠢᠯ ᠲᠣᠭᠲᠠᠭᠤᠨ ᠢᠶᠠᠷ ᠠᠬᠢᠪᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠣᠭᠲᠠᠭᠤᠨ ᠪᠠᠶᠢᠵᠤ᠂ ᠸᠠᠨ ᠳ᠋ᠠ ᠠᠭᠤᠳᠠᠮ ᠲᠠᠯᠠᠪᠠᠢ ᠶᠢ ᠪᠦᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᡁᠢ ᠾᠧ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠎ ᠶᠢᠨ ᠦᠯᠡᠳᠡᠪᠦᠷᠢ ᠲᠣᠰᠪᠣᠷᠢ 640 . 77 ᠳ᠋ᠦᠩᠰᠢᠭᠤᠷ ᠲᠥᠭᠦᠷᠢᠭ ᠪᠠ 457 . 71 ᠳ᠋ᠦᠩᠰᠢᠭᠤᠷ ᠲᠥᠭᠦᠷᠢᠭ ᠎ ᠲᠤ ᠬᠦᠷᠴᠦ᠂ ᠪᠦᠬᠦ ᠵᠢᠯ ᠳᠤ ᠵᠤᠭᠠᠴᠠᠭᠰᠠᠳ ᠢ 69 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ 2100 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠲᠤᠨ ᠭᠤᠣᠯ ᠤᠨ ᠤᠰᠤᠨ ᠤ ᠡᠷᠬᠡ ᠶᠢ 480 ᠲᠦᠮᠡᠨ ᠲᠣᠨ ᠰᠢᠨ᠎ᠡ ᠪᠠᠷ ᠴᠢᠷᠮᠠᠶᠢᠨ ᠣᠯᠵᠤ᠂ ᠠᠮᠢ ᠠᠬᠤᠶ ᠶᠢᠨ 110 ᠺᠢᠯᠣᠸᠠᠲ ᠎ ᠤᠨ ᠴᠠᠬᠢᠯᠭᠠᠨ ᠬᠤᠪᠢᠰᠬᠠᠬᠤ ᠥᠷᠲᠡᠭᠡ ᠶᠢ ᠪᠠᠶᠢᠭᠤᠯᠵᠤ ᠳᠠᠭᠤᠰᠬᠠᠨ ᠴᠠᠬᠢᠯᠭᠠᠨ ᠬᠦᠷᠭᠡᠵᠦ᠂ 2 ᠲᠦᠮᠡᠨ ᠲᠣᠨ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢ ᠲᠦᠷᠭᠡᠳᠬᠡᠨ ᠠᠬᠢᠭᠤᠯᠵᠤ᠂ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠢ 10 ᠺᠢᠯᠣᠮᠧᠲ ᠷ᠊ ᠳᠡᠪᠢᠰᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠥᠬᠦ ᠬᠦᠴᠦᠨ ᠢᠶᠠᠷ ᠲᠣᠭᠲᠠᠪᠤᠷᠢᠵᠢᠭᠤᠯᠵᠤ᠂ ᠬᠡᠷᠡᠭᠯᠡᠭᠡ ᠶᠢᠨ ᠨᠡᠮᠡᠭᠳᠡᠯ ᠢ ᠦᠷᠭᠦᠯᠵᠢᠯᠡᠨ ᠳᠠᠶᠢᠴᠢᠯᠠᠵᠤ᠂ ᠰᠢᠩ ᠪᠠ ᠺᠧ᠂ ᠬᠤ᠋ ᠲᠤᠤ ᠯᠢ ᠵᠡᠷᠭᠡ ᠨᠠᠷᠠᠲᠤ ᠲᠥᠷᠥᠯ ᠲᠡᠮᠳᠡᠭᠲᠦ ᠶᠢᠨ ᠲᠦᠷᠦᠭᠦᠦ ᠳᠡᠯᠭᠡᠭᠦᠷ ᠠᠵᠢᠯ ᠡᠬᠢᠯᠡᠵᠦ᠂ ᠬᠠᠶ ᠳ᠋ᠢ ᠯᠣᠤ᠂ ᠡᠷᠳᠡᠨᠢ ᠵᠡᠷᠭᠡ ᠭᠡᠷ᠎ᠡ ᠲᠣᠭᠲᠠᠵᠤ ᠣᠷᠣᠵᠤ ᠰᠠᠭᠤᠨ᠂ ᠦᠬᠠᠶ ᠶᠢᠨ ᠠᠩᠬᠠᠳᠠᠭᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠤ ᠦᠶᠯᠡᠰ ᠤᠨ ᠬᠦᠷᠢᠶᠡᠯᠡᠩ ᠡᠵᠡᠩᠨᠡᠯᠲᠡ ᠪᠠᠨ ᠡᠬᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ 5000 ᠭᠠᠷᠤᠶ ᠡᠷᠦᠬᠡ ᠰᠢᠨ᠎ᠡ ᠪᠠᠷ ᠨᠡᠮᠡᠭᠳᠡᠪᠡ᠃ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠷᠠᠭᠠᠯᠵᠠᠯ ᠦᠵᠡᠭᠦᠯᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠠᠶᠢᠯᠢ ᠰᠦᠢᠳᠬᠡᠯ ᠢ 5 . 04 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 760 ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠪᠠᠲᠤᠯᠠᠭ᠎ᠠ ᠶᠢᠨ ᠮᠥᠩᠭᠦ ᠪᠠ ᠨᠥᠬᠦᠪᠥᠷᠢ ᠶᠢ 4588 ᠲᠦᠮᠡᠨ ᠲᠥᠭᠦᠷᠢᠭ ᠲᠠᠷᠬᠠᠭᠠᠪᠠ᠃ ᠡᠩ ᠤᠨ ᠴᠢᠨᠠᠷᠲᠠᠢ ᠵᠠᠷᠤᠯᠭ᠎ᠠ ᠶᠢ 575 ᠲᠦᠮᠡᠨ ᠲᠥᠭᠦᠷᠢᠭ ᠪᠠᠭᠠᠰᠬᠠᠵᠤ᠂ ᠵᠢᠭᠡᠯᠡᠯᠭᠡ ᠶᠢᠨ ᠲᠡᠮᠳᠡᠭᠲᠦ᠂ ᠲᠥᠪ ᠤᠨ ᠰᠢᠭᠤᠳ ᠬᠦᠷᠬᠦ ᠵᠡᠷᠭᠡ ᠪᠡᠯᠡ ᠮᠥᠩᠭᠦ ᠶᠢ 17 . 06 ᠳ᠋ᠦᠩᠰᠢᠭᠤᠷ ᠲᠥᠭᠦᠷᠢᠭ ᠴᠢᠷᠮᠠᠢᠨᠠᠢ ᠣᠯᠵᠤ᠂ ᠵᠠᠪᠠᠯ ᠭᠦᠢᠴᠡᠳᠬᠡᠬᠦ ᠴᠢᠨᠠᠷᠲᠠᠢ ᠵᠠᠷᠤᠯᠭ᠎ᠠ ᠶᠢ ᠪᠦᠲᠦᠮᠵᠢᠲᠡᠢ ᠪᠠᠲᠤᠯᠠᠨ᠎ᠠ᠃      ᠳᠥᠷᠪᠡ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠪᠠ᠃ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ 6311 ᠢᠵᠢ ᠣᠷᠣᠨ ᠰᠠᠭᠤᠴᠠ ᠶᠢ ᠪᠦᠬᠦᠨ ᠢ ᠲᠤᠰᠢᠶᠠᠨ ᠥᠭᠴᠦ ᠲᠥᠪᠬᠢᠨᠡᠭᠦᠯᠦᠨ᠂ 6 ᠠᠰᠠᠭᠤᠳᠠᠯ ᠲᠠᠢ ᠠᠰᠠᠷ ᠢ ᠪᠠᠷᠢᠵᠤ ᠳᠠᠭᠤᠰᠬᠠᠨ᠂ 80 %᠎ ᠶᠢᠨ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠢ ᠲᠥᠪᠬᠢᠨᠡᠭᠦᠯᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ 46᠎ ᠶᠢ ᠪᠡᠶᠡᠯᠡᠭᠦᠯᠵᠦ᠂ 5 ᠪᠠᠶᠢᠰᠢᠩ ᠭᠡᠷ ᠤᠨ ᠲᠣᠭᠤᠷᠢᠭ ᠤᠨ 4 . 7 ᠲᠦᠮᠡᠨ ᠲᠡᠭᠰᠢ ᠳᠥᠷᠪᠡᠯᠵᠢᠨ ᠮᠧᠳ᠋ᠷ ᠵᠡᠭᠡᠯᠢ ᠭᠤᠳᠤᠮᠵᠢ ᠶᠢ ᠬᠠᠲᠠᠭᠤᠵᠢᠭᠤᠯᠤᠨ᠂ 1 . 3 ᠺᠢᠯᠣᠮᠧᠳ᠋ᠷ ᠤᠨ ᠲᠦᠭᠡᠭᠡᠯ ᠤᠰᠤ ᠬᠠᠩᠭᠠᠬᠤ᠂ ᠪᠣᠬᠢᠷ ᠤᠰᠤ ᠭᠠᠳᠠᠭᠰᠢᠯᠠᠭᠤᠯᠬᠤ ᠵᠢᠴᠢ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠪᠤᠭᠤᠲᠤ ᠎ ᠶᠢᠨ ᠲᠡᠮᠦᠷ ᠵᠠᠮ᠂ ᠮᠤᠵᠢ ᠶᠢᠨ ᠵᠠᠮ 217 ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2400 ᠭᠠᠷᠤᠢ ᠮᠦ ᠭᠠᠵᠠᠷ ᠰᠢᠷᠣᠢ᠂ 200 ᠭᠠᠷᠤᠢ ᠡᠷᠦᠬᠡ ᠭᠡᠷ ᠪᠠᠶᠢᠰᠢᠩ ᠢ ᠲᠠᠲᠠᠪᠤᠷᠢᠯᠠᠨ ᠠᠪᠤᠪᠠ᠃ 13 . 2 ᠺᠢᠯᠣᠮᠧᠳ᠋ᠷ ᠤᠨ ᠬᠤᠲᠠ ᠶᠢᠨ ᠵᠠᠮ ᠢ ᠰᠢᠨ᠎ᠡ ᠪᠠᠷ ᠵᠠᠰᠠᠬᠤ ᠪᠤᠶᠤ ᠥᠭᠡᠷᠡᠴᠢᠯᠡᠨ ᠵᠠᠰᠠᠵᠤ᠂ 10 . 5 ᠺᠢᠯᠣᠮᠧᠳ᠋ᠷ ᠪᠣᠷᠣᠭᠠᠨ ᠤ ᠤᠰᠤ ᠪᠣᠬᠢᠷ ᠢ ᠰᠠᠯᠭᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠶᠢᠨ ᠤᠰᠤᠲᠤᠯ ᠢ ᠪᠦᠲᠦᠮᠵᠢᠲᠡᠢ ᠨᠠᠮᠳᠠᠭᠤᠯᠪᠠ᠃ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠤᠭᠰᠠᠨ ᠡᠯ᠎ᠡ ᠲᠥᠷᠥᠯ ᠤᠨ ᠨᠡᠶᠢᠲᠡ ᠶᠢᠨ ᠵᠣᠷᠯᠣᠩ 22 ᠪᠠᠶᠢᠵᠤ᠂ ᠬᠤᠲᠠ ᠶᠢᠨ ᠨᠣᠭᠤᠭᠠᠷᠠᠭᠤᠯᠤᠯᠲᠠ ᠶᠢᠨ ᠲᠠᠯᠠᠪᠠᠢ 2 ᠲᠦᠮᠡᠨ ᠲᠡᠭᠰᠢ ᠳᠥᠷᠪᠡᠯᠵᠢᠨ ᠮᠧᠳ᠋ᠷ ᠰᠢᠨ᠎ᠡ ᠪᠠᠷ ᠨᠡᠮᠡᠭᠳᠡᠪᠡ᠃ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠬᠤᠳᠠ ᠶᠢᠨ ᠬᠠᠮᠢᠶᠠᠷᠤᠯᠲᠠ ᠶᠢᠨ ᠵᠥᠪᠯᠡᠯ ᠪᠠᠶᠢᠭᠤᠯᠤᠭᠳᠠᠵᠤ᠂ 《 ᠵᠠᠰᠠᠮᠠᠯ ᠵᠠᠮ ᠢᠶᠠᠷ ᠠᠯᠪᠠᠯᠠᠬᠤ 》 ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠦᠷᠢᠮ ᠠᠴᠠ ᠵᠥᠷᠢᠴᠡᠭᠰᠡᠨ 1 . 23 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢ ᠨᠤᠷᠠᠭᠠᠵᠤ᠂ ᠬᠡᠷᠡᠭᠴᠡᠭᠡ ᠶᠣᠰᠣᠭᠠᠷ ᠵᠦᠢ ᠵᠣᠬᠢᠰᠲᠠᠢ ᠲᠣᠭᠤᠷᠢᠭ ᠬᠤᠪᠢᠶᠠᠨ ᠨᠡᠭᠦᠳᠡᠯ ᠬᠤᠳᠠᠯᠳᠤᠭᠠᠴᠢᠨ ᠤ ᠡᠵᠡᠩᠨᠡᠯᠲᠡ ᠶᠢ ᠵᠢᠷᠤᠮᠵᠢᠭᠤᠯᠪᠠ᠃ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤᠯᠠᠮ ᠨᠢᠭᠡ ᠠᠯᠬᠤᠮ ᠰᠠᠢᠵᠢᠷᠠᠵᠤ᠂ 3200 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ 85 ᠺᠢᠯᠣᠮᠧᠳ᠋ᠷ ᠪᠣᠬᠢᠷ ᠤᠰᠤᠨ ᠤ ᠬᠤᠭᠤᠯᠠᠢ ᠶᠢ ᠲᠥᠬᠦᠷᠵᠢᠭᠦᠯᠦᠨ ᠳᠡᠪᠢᠰᠴᠦ᠂ 36 ᠰᠠᠭᠤᠷᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠤᠨ ᠳᠠᠭᠤᠰᠬᠠᠵᠤ᠂ 18 ᠰᠠᠭᠤᠷᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠲᠠᠷᠢᠶᠠᠯᠠᠬᠤ ᠣᠷᠣᠨ ᠤ ᠨᠡᠶᠢᠲᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 85 %᠎ ᠳᠤ ᠬᠦᠷᠪᠡ᠃ ᠲᠠᠷᠢᠶᠠᠯᠠᠬᠤ ᠣᠷᠣᠨ ᠤ ᠵᠠᠮ ᠢ 7 ᠺᠢᠯᠣᠮᠧᠲ ᠷ᠊ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ᠂ ᠵᠠᠮ ᠎ ᠤᠨ ᠬᠤᠶᠠᠷ ᠬᠠᠵᠠᠭᠤ ᠶᠢ ᠪᠠᠷᠤᠭ ᠮᠢᠩᠭᠠᠨ ᠮᠦ ᠨᠣᠭᠤᠭᠠᠷᠠᠭᠤᠯᠤᠨ᠎ᠠ᠃ ᠭᠠᠰᠢᠭᠤᠨ ᠱᠣᠷᠪᠣᠭ ᠤᠰᠤ ᠶᠢ ᠥᠭᠡᠷᠡᠴᠢᠯᠡᠬᠦ ᠵᠡᠷᠭᠡ ᠲᠠᠷᠢᠶᠠᠯᠠᠬᠤ ᠣᠷᠣᠨ ᠤ 《 ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ 》 ᠎ ᠢ ᠳᠠᠭᠤᠰᠬᠠᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠨᠠᠩ ᠪᠠᠲᠤᠯᠠᠭ᠎ᠠ ᠲᠠᠢ ᠪᠣᠯᠭᠠᠪᠠ᠃      ᠲᠠᠪᠤ ᠳᠤ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠎ ᠤᠨ ᠦᠨᠡᠮᠯᠡᠯ ᠢ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ 95 ᠵᠢᠵᠢᠭ ᠲᠣᠭᠤᠷᠢᠭ ᠢ ᠠᠩᠬ᠎ᠠ ᠤᠳᠠᠭ᠎ᠠ ᠳᠠᠩᠰᠠᠯᠠᠭᠤᠯᠪᠠ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠎ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠳᠠᠯᠳᠠ ᠭᠡᠮ ᠢ 3000 ᠭᠠᠷᠤᠶ ᠵᠦᠢᠯ ᠢ ᠴᠡᠭᠴᠡᠯᠡᠨ ᠵᠠᠰᠠᠵᠤ᠂ ᠦᠢᠯᠡᠳᠪᠦᠷᠢᠯᠡᠯ ᠤᠨ ᠠᠶᠤᠯ ᠦᠭᠡᠶ᠂ ᠭᠠᠯ ᠤᠨ ᠠᠶᠤᠯ ᠵᠡᠷᠭᠡ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠶ ᠪᠠᠶᠢᠬᠤ ᠶᠢ ᠦᠷᠭᠦᠯᠵᠢᠯᠡᠨ ᠪᠠᠲᠤᠯᠠᠪᠠ᠃ 《 ᠭᠤᠣᠯ ᠮᠥᠷᠡᠨ ᠤ ᠳᠠᠷᠤᠭ᠎ᠠ ᠶᠢᠨ ᠲᠦᠷᠢᠮ 》᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠎ ᠤᠨ ᠰᠢᠶᠳᠪᠦᠷᠢᠲᠦ ᠳᠠᠶᠢᠯᠠᠯᠳᠤᠭᠠᠨ ᠬᠢᠵᠦ ᠰᠢᠶᠳᠪᠦᠷᠢᠲᠦ ᠢᠯᠠᠯᠲᠠ ᠣᠯᠵᠤ᠂ ᠬᠠᠷᠭᠢᠰ ᠬᠦᠴᠦᠨ ᠳᠤ ᠬᠤᠯᠪᠣᠭᠳᠠᠭᠰᠠᠨ 17 ᠪᠦᠯᠬᠦᠮ ᠢ ᠤᠰᠠᠳᠬᠠᠵᠤ᠂ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠭᠰᠠᠨ ᠨᠣᠷᠮ᠎ᠠ 18 . 3 %᠎ ᠪᠠᠷ ᠪᠠᠭᠤᠷᠠᠪᠠ᠃ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠵᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ 《 ᠬᠤᠤᠰ ᠳᠡᠭᠡᠭᠰᠢᠯᠡᠯᠲᠡ 》᠎ ᠶᠢ ᠪᠡᠶᠡᠯᠡᠭᠦᠯᠪᠡ᠃ ᠬᠤᠲᠠ ᠶᠢᠨ ᠬᠡᠪᠴᠢᠶᠡᠨ ᠤ ᠨᠡᠶᠢᠭᠡᠮ ᠎ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ 404 ᠲᠤᠰᠬᠠᠢ ᠲᠤᠰᠢᠶᠠᠯᠲᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠰᠣᠩᠭᠤᠨ ᠤᠷᠢᠵᠤ᠂ 《 1342 》 ᠨᠡᠶᠢᠭᠡᠮ ᠤᠨ ᠵᠠᠰᠠᠯᠲᠠ ᠶᠢᠨ ᠰᠢᠰᠲ᠋ᠧᠮ ( 10 )᠎ ᠢ ᠠᠩᠬ᠎ᠠ ᠠᠯᠬᠤᠮ ᠪᠠᠶᠢᠭᠤᠯᠪᠠ᠃ ᠢ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ 15 ᠪᠣᠯᠵᠣ ᠨᠡᠮᠡᠭᠳᠡᠨ᠂ ᠪᠥᠬᠦ ᠤᠯᠤᠰ ᠤᠨ ᠲᠠᠪᠤᠳᠤᠭᠠᠷ ᠪᠦᠯᠦᠭ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠦᠷ᠎ᠡ ᠪᠦᠲᠦᠭᠡᠯ ᠢ ᠰᠢᠯᠭᠠᠨ ᠠᠪᠴᠤ ᠥᠩᠭᠡᠷᠡᠪᠡ᠃ ᠳ᠋ᠦᠩ ᠹᠠᠩ ᠬᠤᠩ ᠬᠡᠦᠬᠡᠳ ᠰᠠᠭᠠᠲᠠᠭᠤᠯᠬᠤ ᠦᠶᠯᠡᠴᠢᠯᠡᠭᠡᠨ ᠎ ᠤ ᠪᠠᠶᠢᠭᠤᠯᠤᠮᠵᠢ ᠶᠢ ᠪᠠᠶᠢᠭᠤᠯᠵᠤ᠂ ᠨᠡᠶᠢᠭᠡᠮ ᠤᠨ ᠬᠦᠴᠦᠨ ᠤ ᠬᠡᠦᠬᠡᠳ ᠰᠠᠭᠠᠲᠠᠭᠤᠯᠬᠤ ᠦᠶᠯᠡᠴᠢᠯᠡᠭᠡ ᠲᠣᠭᠲᠠᠭᠤᠨ ᠎ ᠢᠶᠠᠷ ᠡᠬᠢᠯᠡᠪᠡ᠃ ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ 5 ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢ ᠳᠠᠭᠤᠰᠬᠠᠵᠤ᠂ 4 ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠎ ᠳᠤ ᠣᠷᠣᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠲᠦᠯᠬᠢᠨ ᠠᠬᠢᠭᠤᠯᠪᠠ᠃ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠠᠷᠢᠶᠠᠲᠤ ᠠᠰᠠᠷ ᠪᠣᠯᠤᠨ 3 ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ᠂ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠷᠪᠠᠳᠤᠭᠠᠷ ᠳᠡᠰ ᠎ ᠤᠨ ᠬᠢᠲᠠᠳ ᠡᠮᠨᠡᠯᠭᠡ ᠶᠢᠨ ᠬᠤᠷᠢᠶ᠎ᠠ ᠳᠤ ᠳᠡᠪᠰᠢᠪᠡ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠎ ᠳᠤ ᠲᠥᠪᠬᠢᠨᠡᠭᠦᠯᠬᠦ ᠲᠣᠭᠤᠷᠢᠭ ᠤᠨ 5 ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ ᠢᠵᠢ ᠪᠦᠷᠢᠳᠦᠭᠦᠯᠦᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 780 ᠤᠳᠠᠭ᠎ᠠ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ 6 ᠤᠳᠠᠭ᠎ᠠ ᠠᠮᠵᠢᠯᠲᠠ ᠲᠠᠢ ᠪᠠᠷ ᠮᠡᠳᠡᠭᠦᠯᠪᠡ᠃      ᠵᠢᠷᠭᠤᠭ᠎ᠠ ᠳᠤ ᠵᠠᠰᠠᠭ ᠣᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ 《 ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠦᠶᠯᠡᠰ ᠬᠢᠬᠦ ᠴᠢᠳᠠᠪᠤᠷᠢ ᠶᠢᠨ ᠲᠦᠪᠰᠢᠨ ᠢᠯᠡᠳᠲᠡ ᠳᠡᠭᠡᠭᠰᠢᠯᠡᠪᠡ᠃ ᠵᠣᠷᠢᠭᠲᠠᠢ ᠪᠠᠷ ᠬᠠᠲᠠᠭᠤ ᠲᠠᠢ ᠨᠢ ᠬᠠᠯᠳᠠᠬᠤ ᠤᠯᠤᠰ ᠲᠦᠷᠦ ᠶᠢᠨ ᠡᠭᠦᠷᠭᠡᠯᠡᠯ ᠪᠠ ᠬᠢᠳᠤᠭᠠᠨ ᠢᠷ ᠢ ᠳᠣᠲᠣᠭᠰᠢ ᠬᠠᠨᠳᠤᠭᠤᠯᠬᠤ ᠡᠷᠴᠢ ᠵᠣᠷᠢᠭ ᠢᠶᠠᠷ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠠᠬᠢᠭᠤᠯᠵᠤ᠂ 99 ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠢᠨᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ 69 ᠬᠠᠰᠤᠵᠤ᠂ ᠪᠠᠶᠢᠩᠭᠤᠵᠢᠭᠰᠠᠨ ᠵᠠᠰᠠᠯᠲᠠ ᠳᠤ ᠰᠢᠯᠵᠢᠨ ᠣᠷᠣᠵᠤ᠂ ᠨᠡᠭᠦᠷᠡᠰᠦᠨ ᠤ ᠬᠦᠷᠢᠶᠡᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ 27 ᠲᠣᠭᠲᠠᠭᠠᠵᠤ ᠥᠭᠡᠷᠡᠴᠢᠯᠡᠨ ᠬᠦᠴᠦᠨ ᠦᠭᠡᠢ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠨᠢᠭᠡ ᠪᠦᠯᠦᠭ ᠬᠡᠷᠡᠭ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ 6 ᠳ᠋ᠦᠩᠰᠢᠭᠤᠷ ᠲᠥᠭᠦᠷᠢᠭ ᠤᠨ ᠬᠤᠬᠢᠷᠠᠯ ᠢ ᠨᠡᠬᠡᠮᠵᠢᠯᠡᠨ ᠠᠪᠴᠢᠷᠠᠵᠤ ᠡᠭᠡᠭᠦᠯᠦᠨ ᠠᠪᠴᠢᠷᠠᠭᠰᠠᠨ ᠪᠠᠶᠢᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠎ ᠶᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠵᠦ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠠᠷᠠᠳ ᠎ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠥᠷᠢ ᠰᠢᠷᠢ ᠶᠢ 89 %᠎ ᠪᠠᠷ ᠰᠢᠢᠳᠪᠦᠷᠢᠯᠡᠵᠦ᠂ 500 ᠲᠦᠮᠡᠨ ᠲᠥᠭᠦᠷᠢᠭ ᠠᠴᠠ ᠳᠣᠷᠣᠭᠰᠢᠬᠢ ᠵᠥᠷᠢᠯᠳᠦᠭᠡᠨ ᠦᠭᠡᠢ ᠥᠷᠢ ᠰᠢᠷᠢ ᠶᠢᠨ ᠵᠣᠭᠤᠰ ᠢ ᠪᠦᠬᠦᠨ ᠢ ᠲᠦᠯᠦᠵᠦ ᠳᠠᠭᠤᠰᠬᠠᠪᠠ᠃ ᠣᠷᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ 4803 ᠵᠦᠶᠯᠡᠰ ᠢ ᠳᠠᠬᠢᠨ ᠡᠮᠬᠢᠯᠡᠨ ᠨᠡᠶᠢᠲᠡᠯᠡᠵᠦ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠤᠨ ᠴᠠᠭ ᠤᠨ ᠬᠢᠵᠠᠭᠠᠷ ᠪᠠ ᠴᠢᠬᠤᠯᠠ ᠨᠥᠬᠦᠴᠡᠯ ᠤᠨ ᠲᠤᠭ᠎ᠠ ᠬᠡᠮᠵᠢᠶ᠎ᠡ ᠶᠢ ᠲᠣᠰ ᠲᠣᠰ 43 %᠂ 16 %᠎ ᠪᠠᠷ ᠪᠠᠭᠠᠰᠬᠠᠵᠤ᠂ 102 ᠵᠦᠶᠯ ᠤᠨ ᠥᠨᠳᠥᠷ ᠳᠠᠪᠲᠠᠮᠵᠢᠲᠤ ᠵᠠᠰᠠᠭ ᠤᠨ ᠣᠷᠳᠣᠨ ᠤ ᠦᠶᠯᠡᠴᠢᠯᠡᠭᠡᠨ ᠤ ᠵᠦᠶᠯᠡᠰ ᠢ ᠬᠠᠮᠤᠭ ᠤᠨ ᠣᠯᠠᠨ ᠳᠤ ᠪᠠᠨ ᠨᠢᠭᠡ ᠤᠳᠠᠭ᠎ᠠ ᠭᠦᠶᠦᠯᠭᠡᠬᠦ ᠶᠢ ᠪᠡᠶᠡᠯᠡᠭᠦᠯᠵᠦ᠂᠂ ᠲᠣᠭᠤᠷᠢᠭ ᠪᠠᠯᠭᠠᠰᠤ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ 95 . 8 %᠎ ᠶᠢᠨ ᠵᠠᠰᠠᠭ ᠤᠨ ᠶᠠᠪᠤᠳᠠᠯ ᠤᠨ ᠵᠦᠶᠯᠡᠰ ᠢ ᠰᠦᠯᠵᠢᠶ᠎ᠡ ᠪᠠᠷ ᠭᠦᠶᠴᠡᠳᠬᠡᠵᠦ ᠪᠣᠯᠬᠤ ᠎ ᠶᠢ ᠪᠡᠶᠡᠯᠡᠭᠦᠯᠪᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠷᠤᠭᠰᠢᠲᠠᠶ ᠠᠭᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠬᠥᠮᠦᠰ ᠎ ᠤᠨ ᠰᠡᠳᠬᠢᠯ ᠳᠤ ᠭᠦᠨ ᠰᠠᠭᠤᠭᠳᠠᠵᠤ᠂ ᠰᠢᠨ ᠹᠧᠩ ᠲᠣᠰᠬᠤᠨ᠂ ᠲᠣᠭᠤᠷᠢᠭ ᠤᠨ ᠬᠤᠶᠠᠳᠤᠭᠠᠷ ᠨᠢᠯᠬ᠎ᠠ ᠬᠡᠦᠬᠡᠳ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃       ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠢ ᠪᠡᠶᠡᠯᠡᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠠᠵᠢᠯ ᠰᠢᠨ᠎ᠡ ᠲᠠᠪᠰᠢᠯᠳᠠ ᠲᠠᠢ ᠪᠣᠯᠪᠠ᠃ ᠦᠨᠳᠦᠰᠦᠲᠡᠨ ᠱᠠᠰᠢᠨ ᠰᠤᠷᠲᠠᠬᠤᠨ᠂ ᠴᠡᠷᠢᠭ ᠠᠴᠠ ᠬᠠᠯᠠᠭᠳᠠᠭᠰᠠᠳ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ ᠰᠢᠨ᠎ᠡ ᠠᠮᠵᠢᠯᠲᠠ ᠣᠯᠪᠠ᠃      ᠲᠥᠯᠥᠭᠡᠯᠡᠭᠴᠢᠳ ᠡ᠂ ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠂ ᠡᠭᠦᠨ ᠤ ᠭᠤᠣᠯ ᠢᠯᠡᠷᠡᠯ ᠭᠡᠪᠡᠯ᠄ ᠬᠢᠵᠢᠭ ᠤᠨ ᠪᠠᠶᠢᠳᠠᠯ ᠤᠨ ᠬᠤᠪᠢᠷᠠᠯᠲᠠ ᠵᠡᠷᠭᠡ ᠲᠣᠭᠲᠠᠭᠠᠯᠲᠤ ᠪᠤᠰᠤ ᠴᠢᠨᠠᠷᠲᠠᠢ ᠬᠦᠴᠦᠨ ᠵᠦᠢᠯ ᠮᠥᠨ ᠯᠡ ᠣᠷᠣᠰᠢᠭᠰᠠᠭᠠᠷ ᠪᠠᠶᠢᠵᠤ᠂ ᠠᠵᠤ ᠠᠬᠤᠢ ᠶᠢ ᠰᠡᠷᠭᠦᠭᠡᠬᠦ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠨ᠎ᠠ; ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠥᠨᠳᠥᠷ ᠪᠢᠰᠢ ᠂ ᠠᠵᠤ ᠦᠢᠯᠡᠰ ᠤᠨ ᠪᠦᠲᠦᠴᠡ ᠶᠢᠨ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡᠳᠦᠢ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠬᠦᠴᠦᠨ ᠴᠢᠩᠭ᠎ᠠ ᠪᠢᠰᠢ; ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠪᠠᠰᠠ ᠨᠡᠯᠢᠶᠡᠳ ᠲᠣᠪᠣᠶᠢᠮ᠎ᠠ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠬᠢᠭᠡᠳ ᠣᠯᠠᠨ ᠲᠦᠮᠡᠨ ᠤ ᠰᠠᠶᠢᠨ ᠰᠠᠶᠢᠬᠠᠨ ᠬᠡᠷᠡᠭᠴᠡᠭᠡ ᠱᠠᠭᠠᠷᠳᠠᠯᠭ᠎ᠠ ᠯᠤᠭ᠎ᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ; ᠬᠡᠰᠡᠭ ᠺᠠᠳ᠋ᠷ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃      ᠬᠤᠶᠠᠷ᠂ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠬᠠᠷᠠᠯᠲᠠ      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ 《 ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ 》᠎ ᠶᠢ ᠦᠨᠳᠦᠰᠦᠯᠡᠨ᠂ ᠪᠢᠳᠡ 《 ᠦᠬᠠᠢ ᠬᠤᠳᠠ ᠎ ᠶᠢᠨ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠎ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠎ ᠶᠢᠨ ᠬᠥᠲᠥᠯᠪᠦᠷᠢ ( ᠲᠥᠰᠦᠯ ) 》᠎ ᠶᠢ ᠨᠠᠶᠢᠷᠠᠭᠤᠯᠤᠨ ᠵᠣᠬᠢᠶᠠᠪᠠ᠂ ᠠᠵᠤ ᠠᠬᠤᠶ ᠶᠢᠨ ᠬᠥᠭᠵᠢᠯᠲᠡ ᠠᠴᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ᠂ ᠠᠮᠢ ᠠᠬᠤᠶ ᠶᠢᠨ ᠪᠣᠯᠪᠠᠰᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠨᠡᠶᠢᠭᠡᠮ ᠤᠨ ᠪᠣᠯᠪᠠᠰᠤᠨ᠂ ᠨᠡᠶᠢᠭᠡᠮ ᠤᠨ ᠵᠠᠰᠠᠯᠲᠠ ᠶᠢᠨ ᠳᠣᠯᠣᠭᠠᠨ ᠲᠠᠯ᠎ᠠ᠂ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶ ᠳᠤᠷᠠᠳᠴᠠᠶ᠂ ᠬᠥᠭᠵᠢᠯᠲᠡ ᠶᠢ ᠲᠤᠯᠭᠠᠭᠤᠷᠢᠯᠠᠬᠤ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ᠃     《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠮᠥᠨ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠲᠦᠷᠭᠡᠳᠬᠡᠨ ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠠᠪᠤᠨ ᠵᠢᠯ ᠮᠥᠨ᠃ ᠪᠢᠳᠡ ᠰᠢᠨ᠎ᠡ ᠬᠥᠭᠵᠢᠯᠲᠡ ᠎ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ 《 ᠬᠤᠶᠠᠷ ᠬᠠᠯᠬᠠᠪᠴᠢ᠂ ᠬᠤᠶᠠᠷ ᠰᠠᠭᠤᠷᠢᠨ᠂ ᠨᠢᠭᠡ ᠬᠥᠭᠦᠷᠭᠡᠨ ᠪᠠᠬᠢᠯᠡᠯᠲᠡ 》᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠣᠯᠤᠨ ᠡᠷᠡᠰ ᠪᠠᠲᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠮᠠᠨ ᠤ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠬᠦ ᠬᠡᠷᠡᠭᠲᠡᠶ᠃      ᠠᠵᠤ ᠠᠬᠤᠢ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠰᠢᠨ᠎ᠡ ᠬᠥᠭᠵᠢᠯᠲᠡ ᠎ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ᠂ ᠣᠯᠠᠨ ᠡᠰᠢᠵᠢᠨ ᠬᠥᠭᠵᠢᠭᠰᠡᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠦᠨᠡᠨ ᠬᠦ ᠪᠠᠲᠤᠯᠠᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠰᠢᠨ᠎ᠡ ᠳᠡᠭᠡᠭᠰᠢᠯᠡᠯᠲᠡ ᠲᠠᠢ ᠪᠣᠯᠪᠠ᠃ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠣᠷᠣᠭᠤᠯᠤᠯᠲᠠ᠂ ᠰᠢᠨ᠎ᠡ ᠶᠢ ᠡᠭᠦᠳᠬᠦ ᠴᠢᠬᠤᠯᠠ ᠡᠯᠧᠮᠧᠨ᠋ᠲ ᠢ ᠲᠥᠪᠯᠡᠷᠡᠭᠦᠯᠬᠦ ᠴᠢᠳᠠᠪᠤᠷᠢ ᠪᠣᠯᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠳᠠᠪᠤᠷᠢᠲᠠᠨ ᠢ ᠴᠤᠭᠯᠠᠷᠠᠭᠤᠯᠤᠨ ᠴᠢᠳᠠᠪᠤᠷᠢᠲᠠᠨ ᠢ ᠬᠥᠮᠦᠵᠢᠭᠦᠯᠬᠦ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠠᠵᠤ ᠠᠬᠤᠶ ᠶᠢᠨ ᠨᠡᠮᠡᠭᠳᠡᠯ ᠎ ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠪᠢ ᠨᠡᠮᠡᠷᠢ ᠶᠢ ᠴᠢᠷᠮᠠᠶᠢᠨ ᠳᠡᠭᠡᠭᠰᠢᠯᠡᠭᠦᠯᠬᠦ ᠪᠣᠯᠤᠨ᠎ᠠ᠃      ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠪᠠ᠃ 《 ᠠᠷᠪᠠᠨ ᠳᠥᠷᠪᠡᠳᠦᠭᠡᠷ ᠲᠠᠪᠤᠨ ᠵᠢᠯ 》 ᠎ ᠤᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠭᠦᠶᠴᠡᠳ ᠬᠥᠭᠵᠢᠭᠡᠬᠦ ᠪᠣᠯᠤᠨ᠎ᠠ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠪᠠᠶᠢᠷᠢ ᠰᠣᠯᠪᠢᠴᠠᠨ ᠬᠥᠭᠵᠢᠬᠦ᠂ ᠰᠠᠶᠢᠨ ᠥᠷᠢᠰᠥᠯᠳᠦᠭᠡᠨ ᠲᠠᠢ᠂ ᠬᠠᠮᠵᠢᠯᠴᠠᠨ ᠬᠠᠮᠲᠤ ᠪᠠᠷ ᠤᠷᠤᠭᠰᠢᠯᠠᠬᠤ ᠨᠢᠭᠡ ᠴᠣᠭᠴᠠᠵᠢᠭᠰᠠᠨ ᠬᠥᠭᠵᠢᠯᠲᠡ ᠶᠢᠨ ᠵᠠᠭᠪᠤᠷ ᠢ ᠲᠦᠷᠭᠡᠳᠬᠡᠨ ᠪᠠᠶᠢᠭᠤᠯᠵᠤ᠂ 《 ᠨᠢᠭᠡ ᠪᠦᠰᠡ ᠨᠢᠭᠡ ᠵᠠᠮ 》 ᠪᠣᠯᠤᠨ ᠤᠮᠠᠷᠠᠰᠢ ᠨᠡᠭᠡᠭᠡᠯᠲᠡ ᠬᠢᠬᠦ ᠪᠠᠶᠢᠷᠢᠰᠢᠯ ᠳᠤ ᠪᠦᠲᠦᠮᠵᠢᠲᠡᠶ ᠠᠭᠤᠰᠤᠯᠴᠠᠵᠤ᠂ ᠠᠵᠤ ᠠᠬᠤᠶ ᠶᠢᠨ ᠨᠡᠭᠡᠭᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠶᠢ ᠪᠡᠶᠡᠯᠡᠭᠦᠯᠪᠡ᠃ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠲᠡᠮᠦᠷ ᠮᠡᠲᠦ ᠬᠠᠲᠠᠭᠤ ᠵᠣᠷᠢᠭ ᠪᠠ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃      ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠣᠯᠠᠨ ᠨᠡᠶᠢᠲᠡ ᠶᠢᠨ ᠦᠶᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠰᠠᠶᠢᠵᠢᠷᠠᠭᠤᠯᠵᠤ᠂ ᠪᠣᠳᠠᠲᠠᠶ ᠠᠴᠠ ᠡᠭᠦᠰᠦᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃      ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠲᠦᠪᠰᠢᠨ ᠳᠤ ᠬᠦᠷᠭᠡᠨ᠎ᠡ᠃ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠥᠷᠭᠡᠨ ᠢᠶᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ᠂ ᠰᠢᠨᠵᠢᠯᠡᠬᠦ ᠤᠬᠠᠭᠠᠨ ᠰᠣᠶᠣᠯ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠪᠦᠬᠦ ᠲᠠᠯ᠎ᠠ ᠎ ᠪᠠᠷ ᠳᠡᠭᠡᠭᠰᠢᠯᠡᠭᠦᠯᠬᠦ ᠪᠣᠯᠤᠨ᠎ᠠ᠃      ᠨᠡᠶᠢᠭᠡᠮ ᠤᠨ ᠵᠠᠰᠠᠯᠲᠠ ᠰᠢᠨ᠎ᠡ ᠳᠡᠭᠡᠭᠰᠢᠯᠡᠯᠲᠡ ᠲᠠᠢ ᠪᠣᠯᠪᠠ᠃ 《 ᠠᠷᠪᠠᠨ ᠳᠥᠷᠪᠡᠳᠦᠭᠡᠷ ᠲᠠᠪᠤᠨ ᠵᠢᠯ 》 ᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ 《 ᠨᠢᠭᠡ ᠴᠥᠮ᠎ᠡ ᠣᠯᠠᠨ ᠡᠰᠢᠵᠢᠭᠰᠡᠨ᠂ ᠠᠭᠤᠰᠤᠯᠴᠠᠨ ᠬᠠᠮᠲᠤ ᠪᠠᠷ ᠵᠠᠰᠠᠬᠤ 》 ᠬᠤᠲᠠ ᠶᠢᠨ ᠵᠠᠰᠠᠯᠲᠠ ᠶᠢᠨ ᠰᠢᠨ᠎ᠡ ᠶᠢ ᠡᠭᠦᠳᠬᠦ ᠰᠢᠰᠲ᠋ᠧᠮ ᠢ ᠬᠦᠴᠦᠯᠡᠨ ᠪᠠᠶᠢᠭᠤᠯᠵᠤ᠂ ᠲᠣᠣᠷᠵᠢᠭᠰᠠᠨ ᠦᠶᠯᠡᠴᠢᠯᠡᠭᠡᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ ᠢᠨᠲ᠋ᠧᠷ ᠰᠦᠯᠵᠢᠶ᠎ᠡ ᠬᠢᠭᠡᠳ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠨᠡᠶᠢᠭᠡᠮ ᠤᠨ ᠵᠠᠰᠠᠯᠲᠠ ᠶᠢᠨ ᠬᠦᠷᠢᠶᠡᠨ ᠳᠠᠬᠢ ᠬᠡᠷᠡᠭᠯᠡᠯᠲᠡ ᠶᠢ ᠲᠦᠷᠭᠡᠳᠬᠡᠵᠦ᠂ ᠨᠡᠶᠢᠭᠡᠮ ᠤᠨ ᠨᠠᠩ ᠠᠮᠤᠷ ᠲᠣᠭᠲᠠᠭᠤᠨ ᠡᠶ᠎ᠡ ᠵᠣᠬᠢᠴᠠᠩᠭᠤᠶ ᠪᠠᠶᠢᠬᠤ ᠶᠢ ᠦᠨᠡᠨ ᠬᠦ ᠪᠠᠲᠤᠯᠠᠨ᠎ᠠ᠃                                  ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ      ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠎ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠪᠠ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠎ ᠪᠠᠷ ᠭᠤᠣᠯ ᠰᠢᠵᠢᠮ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠎ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ ᠰᠢᠰᠲ᠋ᠧᠮ ᠤᠨ ᠦᠵᠡᠯᠲᠡ ᠪᠠᠷᠢᠮᠲᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》 ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ 《 ᠵᠢᠷᠭᠤᠭ᠎ᠠ ᠶᠢ ᠪᠠᠲᠤᠯᠠᠬᠤ 》 ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠠᠵᠤ ᠠᠬᠤᠢ ᠎ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠪᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠶ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃      ᠡᠨᠡ ᠵᠢᠯ ᠤᠨ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 . 5 %᠎ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5 %᠎ ᠶᠢᠨ ᠳᠣᠲᠣᠷ᠎ᠠ ᠬᠢᠵᠠᠭᠠᠷᠯᠠᠵᠤ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠎ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠭᠳᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠭᠦᠢᠴᠡᠳᠬᠡᠬᠦ ᠲᠤᠭ᠎ᠠ ᠶᠢᠨ ᠬᠡᠪᠴᠢᠶᠡᠨ ᠳᠤ ᠬᠢᠵᠠᠭᠠᠷᠯᠠᠵᠤ᠂ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠣᠯᠠᠨ ᠨᠡᠶᠢᠲᠡ ᠎ ᠶᠢᠨ ᠲᠥᠰᠦᠪ ᠤᠨ ᠣᠷᠣᠯᠭ᠎ᠠ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠭᠦᠢᠴᠡᠳᠬᠡᠬᠦ ᠲᠤᠭ᠎ᠠ ᠶᠢ ᠲᠤᠰ ᠲᠤᠰ 5 %᠂ 9 . 1 %᠂ 5 %᠎ ᠪᠠᠷ ᠡᠵᠡᠮᠰᠢᠨ᠎ᠡ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠄      ( ᠨᠢᠭᠡ ) ᠠᠷᠭ᠎ᠠ ᠪᠦᠬᠦᠨ ᠢ ᠰᠦᠪᠡᠭᠴᠢᠯᠡᠨ ᠭᠤᠤᠯᠳᠠᠯᠭ᠎ᠠ ᠲᠠᠢ ᠲᠥᠷᠥᠯ ᠵᠦᠶᠯ ᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠵᠣᠷᠢᠭ ᠰᠢᠭᠤᠳᠴᠤ ᠪᠠᠶᠢᠭᠠᠳ ᠪᠦᠲᠦᠴᠡ ᠶᠢ ᠲᠣᠬᠢᠷᠠᠭᠤᠯᠵᠤ᠂ ᠬᠥᠳᠡᠯᠭᠡᠬᠦ ᠡᠨᠧᠷᠭᠢ ᠎ ᠶᠢ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠲᠦᠷᠭᠡᠳᠬᠡᠨ᠎ᠡ᠃ ᠨᠡᠭᠦᠷᠡᠰᠦᠨ ᠤ ᠠᠵᠤ ᠠᠬᠤᠶᠢᠯᠠᠯ ᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠠᠮᠠᠭᠠᠯᠠᠯᠲᠠ ᠶᠢᠨ ᠴᠢᠨᠠᠷᠲᠠᠶ ᠨᠡᠭᠦᠷᠡᠰᠦ ᠮᠠᠯᠲᠠᠬᠤ ᠡᠬᠢ ᠪᠠᠶᠠᠯᠢᠭ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠭᠡᠭᠡᠨ ᠮᠠᠯᠲᠠᠬᠤ ᠬᠢᠭᠡᠳ ᠵᠠᠰᠠᠬᠤ ᠶᠢ ᠨᠢᠭᠡᠳᠦᠯᠲᠡᠶ ᠲᠥᠯᠥᠪᠯᠡᠨ᠎ᠡ᠃ ᠪᠣᠯᠣᠳ ᠬᠡᠦᠷᠡᠰᠦ ᠶᠢᠨ ᠠᠵᠤ ᠦᠢᠯᠡᠰ ᠤᠨ ᠬᠡᠯᠬᠢᠶ᠎ᠡ ᠪᠠ ᠪᠦ᠋ᠦ ᠦ ᠨᠡᠭᠦᠷᠡᠰᠦᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ 《 ᠨᠢᠭᠡ ᠬᠡᠯᠬᠢᠶ᠎ᠡ ᠨᠢᠭᠡ ᠬᠦᠷᠢᠶᠡᠯᠡᠩ 》 ᠎ ᠢ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠶᠢ ᠴᠢᠩᠭ᠎ᠠ ᠠᠩᠬᠠᠷᠴᠤ᠂ 630 ᠲᠦᠮᠡᠨ ᠲᠣᠨ ᠬᠡᠦᠷᠡᠰᠦᠵᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ ᠰᠠᠶᠢᠲᠤᠷ ᠬᠢᠵᠦ᠂ ᠵᠢᠯ ᠳᠤ 300 ᠲᠦᠮᠡᠨ ᠲᠣᠨ ᠬᠡᠦᠷᠡᠰᠦᠵᠢᠭᠦᠯᠬᠦ ᠳᠠᠬᠢᠨ ᠵᠣᠬᠢᠶᠠᠨ ᠪᠠᠶᠢᠭᠤᠯᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠬᠢᠭᠤᠯᠵᠤ᠂ 2023 ᠣᠨ ᠤ ᠵᠢᠯ ᠎ ᠤᠨ ᠰᠡᠭᠦᠯᠴᠢ ᠠᠴᠠ ᠡᠮᠦᠨ᠎ᠡ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠶᠢ 4 . 3 ᠮᠧᠳ᠋ᠷ ᠤᠨ ᠬᠡᠦᠷᠡᠰᠦᠵᠢᠭᠦᠯᠬᠦ ᠵᠤᠤᠬ᠎ᠠ ᠶᠢ ᠰᠢᠭᠰᠢᠭᠳᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠪᠠᠷ ᠬᠡᠦᠷᠡᠰᠦᠵᠢᠭᠦᠯᠬᠦ ᠠᠵᠤ ᠠᠬᠤᠶᠢᠯᠠᠯ ᠢ ᠥᠭᠡᠷᠡᠴᠢᠯᠡᠨ ᠳᠡᠰ ᠳᠡᠪᠰᠢᠭᠦᠯᠬᠦ ᠶᠢ ᠭᠡᠳᠡᠷᠭᠦ ᠰᠢᠬᠠᠮᠳᠠᠭᠤᠯᠤᠨ᠎ᠠ; ᠵᠢᠶᠠᠨ ᠯᠦᠩ H ᠬᠡᠯᠪᠡᠷᠢ ᠶᠢᠨ ᠪᠣᠯᠣᠳ ᠲᠡᠮᠦᠷ ᠤᠨ ᠮᠡᠷᠭᠡᠵᠢᠯ ᠤᠨ ᠥᠭᠡᠷᠡᠴᠢᠯᠡᠯᠲᠡ ᠪᠠ ᠪᠣᠯᠣᠳ ᠤᠨ ᠰᠢᠭᠠᠷᠤ ᠰᠢᠶᠳᠪᠦᠷᠢᠯᠡᠬᠦ ᠲᠥᠷᠥᠯ ᠵᠦᠶᠯ ᠤᠨ ᠠᠵᠢᠯ ᠡᠬᠢᠯᠡᠬᠦ ᠶᠢ ᠠᠬᠢᠭᠤᠯᠵᠤ᠂ ᠰᠠᠢ ᠰᠧ ᠫᠦ ᠳᠤ ᠲᠦᠰᠢᠭᠯᠡᠨ ᠴᠡᠪᠡᠷ ᠰᠢᠷᠡᠮᠦ ᠶᠢᠨ ᠳᠣᠤᠷᠠᠳᠤ ᠤᠷᠤᠰᠬᠠᠯ ᠤᠨ ᠦᠶᠯᠡᠳᠬᠦᠨ ᠢ ᠬᠥᠭᠵᠢᠭᠦᠯᠵᠦ᠂ ᠠᠵᠤ ᠠᠬᠤᠶᠢᠯᠠᠯ ᠤᠨ ᠳᠡᠭᠡᠳᠦ ᠲᠠᠰ ᠎ ᠤᠨ ᠪᠣᠯᠣᠳ ᠲᠡᠮᠦᠷ ᠤᠨ ᠠᠵᠤ ᠠᠬᠤᠶᠢᠯᠠᠯ ᠳᠠᠰᠢ ᠬᠥᠭᠵᠢᠬᠦ ᠶᠢ ᠵᠣᠷᠢᠭᠵᠢᠭᠤᠯᠤᠨ ᠳᠡᠮᠵᠢᠨ᠎ᠡ; ᠪᠦ᠋ᠦ ᠡᠦ ᠶᠢᠨ ᠨᠡᠭᠦᠷᠡᠰᠦᠨ ᠮᠠᠲ᠋ᠧᠷᠢᠶᠠᠯ ᠢ ᠨᠢᠭᠡ ᠴᠣᠭᠴᠠᠵᠢᠭᠤᠯᠬᠤ᠂ ᠪᠦ᠋ᠦ ᠵᠢᠶᠧ ᠶᠢᠨ ᠪᠠᠯ ᠴᠢᠯᠠᠭᠤ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠪᠦ᠋ᠦ ᠬᠤᠸᠠ ᠎ ᠶᠢᠨ 200 ᠲᠣᠨ ᠣᠨᠴᠠ ᠲᠥᠷᠥᠯ ᠤᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠲᠥᠷᠥᠯ ᠵᠦᠶᠯ ᠢ ᠪᠥᠲᠥᠭᠡᠨ ᠪᠠᠶᠢᠭᠤᠯᠵᠤ᠂ 《 ᠬᠡᠦᠷᠡᠰᠦ ᠪᠣᠯᠣᠳᠵᠢᠭᠰᠠᠨ ᠨᠡᠭᠦᠷᠡᠰᠦᠨ ᠮᠠᠲ᠋ᠧᠷᠢᠶᠠᠯ 》᠎ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ 《 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠬ᠎ᠠ ᠳᠡᠯᠭᠡᠭᠦᠷ ᠲᠤ ᠭᠠᠷᠭᠠᠬᠤ ᠥᠬᠡᠶ᠂ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠥᠬᠡᠶ᠂ ᠬᠠᠶᠠᠭᠳᠠᠮᠠᠯ ᠬᠡᠶ ᠶᠢ ᠬᠡᠲᠦ ᠳᠣᠤᠷ᠎ᠠ ᠭᠠᠳᠠᠭᠰᠢᠯᠠᠭᠤᠯᠬᠤ 》 ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠰᠠᠶᠢᠲᠠᠶ ᠠᠵᠤ ᠦᠶᠯᠡᠳᠪᠦᠷᠢ ᠶᠢᠨ ᠠᠮᠢ ᠠᠬᠤᠶ ᠶᠢᠨ ᠬᠦᠷᠢᠶ᠎ᠡ ᠶᠢ ᠪᠠᠶᠢᠭᠤᠯᠤᠨ᠎ᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠱᠠᠨᠰᠢ ᠶᠢᠨ ᠮᠠᠰᠢᠨ ᠲᠡᠷᠭᠡᠨ ᠤ ᠪᠦᠯᠦᠭᠯᠡᠯ ᠤᠨ ᠦᠬᠠᠢ ᠳᠠᠬᠢ ᠲᠤᠰᠬᠠᠢ ᠮᠠᠰᠢᠨ ᠲᠡᠷᠭᠡᠨ ᠤ ᠴᠢᠳᠠᠮᠵᠢ ᠪᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠳᠠᠮᠵᠢᠵᠤ᠂ ᠵᠢᠩ ᠶᠦᠨ ᠲᠦᠩ ᠤᠨ 10 GW᠎ ᠶᠢᠨ ᠥᠨᠳᠥᠷ ᠦᠷ᠎ᠡ ᠠᠰᠢᠭᠲᠤ ᠳᠠᠩ ᠲᠠᠯᠠᠰᠲᠤ ᠴᠠᠬᠢᠭᠤᠷ ᠰᠠᠪᠠᠭ᠎ᠠ᠂ ᠦᠬᠠᠢ ᠎ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠦᠯ ᠵᠦᠢᠯ ᠤᠨ ᠪᠠᠷᠢᠯᠭ᠎ᠠ ᠡᠬᠢᠯᠡᠬᠦ ᠶᠢ ᠬᠦᠴᠦᠯᠡᠨ ᠠᠬᠢᠭᠤᠯᠤᠨ᠎ᠠ᠃      ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠵᠡᠷᠭᠡ ᠳᠡᠰ ᠢ ᠳᠡᠭᠡᠭᠰᠢᠯᠡᠭᠦᠯᠦᠨ᠎ᠡ᠃ ᠵᠢᠦ ᠯᠦᠩ ᠣᠯᠠᠨ ᠤᠯᠤᠰ ᠤᠨ ᠬᠤᠳᠠᠯᠳᠤᠭᠠᠨ ᠤ ᠴᠣᠭᠴᠠ ᠶᠢᠨ ᠵᠢᠯ ᠤᠨ ᠳᠣᠲᠣᠷ᠎ᠠ ᠠᠵᠢᠯ ᠡᠬᠢᠯᠡᠭᠦᠯᠦᠨ ᠡᠵᠡᠩᠨᠡᠬᠦ ᠶᠢ ᠪᠠᠲᠤᠯᠠᠵᠤ᠂ ᠎ ᠶᠢᠨ ᠳ᠋ᠢᠩ ᠤᠨ ᠬᠤᠶᠠᠳᠤᠭᠠᠷ ᠬᠤᠭᠤᠴᠠᠭ᠎ᠠ᠂ ᠢ ᠬᠤᠸᠠ ᠶᠢᠨ ᠰᠢᠨ ᠳ᠋ᠦ᠋ ᠬᠤᠶ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠦ᠋ ᠨᠢᠩ ᠤᠨ ᠬᠢᠯᠪᠠᠷ ᠬᠤᠳᠠᠯᠳᠤᠨ ᠠᠪᠬᠤ ᠲᠣᠮᠣ ᠬᠤᠳᠠᠯᠳᠤᠭᠠᠨ ᠤ ᠲᠠᠯᠠᠪᠤᠷ᠂ ᠡᠷᠡᠭᠦᠯ ᠮᠡᠨᠳᠦ ᠶᠢᠨ ᠦᠶᠯᠡᠳᠬᠦᠨ ᠤ ᠰᠢᠭᠤᠳ ᠡᠵᠡᠩᠨᠡᠯᠲᠡ ᠶᠢᠨ ᠣᠷᠳᠣᠨ ᠵᠡᠷᠭᠡ ᠠᠷᠠᠯᠵᠢᠶ᠎ᠠ ᠬᠤᠳᠠᠯᠳᠤᠭᠠᠨ ᠤ ᠦᠶᠯᠡᠰ ᠤᠨ ᠰᠢᠨ᠎ᠡ ᠨᠠᠷᠠᠲᠤ ᠲᠡᠮᠳᠡᠭᠲᠦ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠥᠷᠥᠯ ᠵᠦᠶᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠲᠥᠬᠦᠮ ᠢᠳᠡᠭᠡᠨ ᠤ ᠰᠥᠨᠢ ᠶᠢᠨ ᠵᠠᠬ᠎ᠠ ᠳᠡᠯᠭᠡᠭᠦᠷ ᠪᠠ ᠵᠢᠵᠢᠭ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠶᠠᠪᠠᠭᠠᠨ ᠵᠡᠭᠡᠯᠢ ᠪᠠ ᠢᠳᠡᠭᠡᠨ ᠤᠮᠳᠠᠭᠠᠨ ᠤ ᠵᠡᠭᠡᠯᠢ ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠠᠮᠵᠢᠯᠠᠯᠲᠤ ᠬᠤᠳᠠᠯᠳᠤᠭᠠᠨ ᠤ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠲᠦᠰᠢᠭᠯᠡᠨ 《 ᠰᠦᠯᠵᠢᠶᠡᠨ ᠳᠡᠭᠡᠷ᠎ᠡ ᠪᠣᠷᠣᠯᠠᠭᠤᠯᠵᠤ 》᠂ ᠣᠯᠠᠨ ᠲᠦᠮᠡᠨ ᠤ ᠣᠯᠠᠨ ᠡᠰᠢᠵᠢᠭᠰᠡᠨ᠂ ᠴᠢᠨᠠᠷ ᠰᠠᠶᠢᠲᠠᠶ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ ᠵᠢᠶᠠᠨ ᠯᠦᠩ 3 A ᠲᠠᠰ ᠤᠨ ᠠᠮᠢ ᠠᠬᠤᠶ ᠶᠢᠨ ᠠᠵᠤ ᠦᠶᠯᠡᠳᠪᠦᠷᠢ ᠶᠢᠨ ᠵᠢᠭᠤᠯᠴᠢᠯᠠᠯ ᠤᠨ ᠣᠷᠣᠨ ᠢ ᠭᠤᠶᠤᠴᠢᠯᠠᠨ ᠮᠡᠳᠡᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠨᠤᠭ ᠢᠳᠡᠭᠡᠨ ᠤᠮᠳᠠᠭᠠᠨ ᠤ ᠦᠶᠯᠡᠰ ᠤᠨ ᠦᠶᠯᠡᠴᠢᠯᠡᠭᠡᠨ ᠤ ᠶᠠᠰᠤ ᠴᠢᠨᠠᠷ ᠪᠠ ᠭᠥᠯᠢᠶᠡᠨ ᠠᠪᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠤᠭᠠᠴᠠᠭᠰᠠᠳ ᠢ ᠲᠠᠲᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠨᠠᠰᠤᠵᠢᠯ ᠤᠨ ᠠᠰᠠᠷᠠᠮᠵᠢ᠂ ᠬᠡᠦᠬᠡᠳ ᠤᠨ ᠴᠡᠴᠡᠷᠯᠢᠭ᠂ ᠭᠡᠷ ᠤᠨ ᠶᠠᠪᠤᠳᠠᠯ ᠵᠡᠷᠭᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠡᠮᠵᠢᠨ᠎ᠠ᠃ ᠣᠳᠣ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠣᠯᠠᠨ ᠶᠠᠩᠵᠤᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠪᠥᠬᠦ ᠬᠤᠲᠠ ᠵᠢᠴᠢ ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠬᠠᠩᠭᠠᠯᠭ᠎ᠠ ᠶᠢ ᠲᠡᠭᠦᠯᠳᠡᠷᠵᠢᠭᠦᠯᠵᠦ᠂ ᠨᠢᠭᠡᠳᠦᠭᠡᠷ ᠨᠣᠮᠧᠷᠲᠤ ᠪᠠᠷᠠᠭᠠᠨ ᠤ ᠭᠦᠶᠯᠭᠡᠭᠡᠨ ᠤ ᠣᠶᠤᠨᠴᠢ ᠵᠠᠰᠠᠮᠠᠯ ᠵᠠᠮ ᠤᠨ ᠭᠠᠷᠠᠮ᠂ ᠦᠵᠦᠮ ᠤᠨ ᠭᠠᠷᠤᠯᠲᠠ ᠶᠢᠨ ᠣᠷᠣᠨ ᠎ ᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠬᠥᠮᠥᠷᠭᠡᠯᠡᠬᠦ ᠲᠥᠪ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠬᠤᠳᠠᠯᠳᠤᠭᠠᠨ ᠤ ᠶᠠᠪᠤᠳᠠᠯ ᠤᠨ ᠶᠢᠨ ᠵᠡᠷᠭᠡ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠣᠷᠣᠭᠤᠯᠤᠨ ᠠᠪᠴᠢᠷᠠᠨ᠎ᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠪᠦᠲᠦᠮᠵᠢᠲᠡᠶ ᠵᠣᠯᠭᠠᠭᠤᠯᠵᠤ᠂ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢ ᠢᠳᠡᠪᠬᠢᠲᠡᠶ ᠲᠥᠯᠥᠪᠵᠢᠭᠦᠯᠵᠦ᠂ ᠶᠦᠨ ᠹᠸᠢ ᠦᠵᠦᠮ ᠤᠨ ᠠᠷᠢᠬᠢᠨ ᠮᠤᠬᠤᠯᠠᠭ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠨ ᠰᠧᠨ᠂ ᠶᠦᠨ ᠹᠸᠢ᠂ ᠮᠧᠩ ᠭᠧᠨ ᠬᠤᠸᠠ ᠵᠡᠷᠭᠡ ᠦᠵᠦᠮ ᠳᠠᠷᠢᠬᠤ ᠠᠵᠤ ᠠᠬᠤᠶᠢᠯᠠᠯ ᠳᠤ ᠲᠦᠰᠢᠭᠯᠡᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠪᠦᠯᠦᠭᠵᠢᠯ ᠢ ᠴᠣᠭᠴᠠᠯᠠᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ 《 ᠲᠠᠷᠢᠶᠠᠯᠠᠩ ᠤᠨ ᠪᠤᠰᠤ ᠪᠣᠯᠭᠠᠬᠤ 》᠎ ᠶᠢ ᠡᠷᠡᠰ ᠬᠤᠷᠢᠭᠯᠠᠨ ᠵᠣᠭᠰᠣᠭᠠᠵᠤ᠂ ᠤᠰᠤ ᠠᠷᠪᠢᠯᠠᠬᠤ ᠪᠠᠷ ᠭᠤᠣᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠯᠥᠪᠵᠢᠭᠦᠯᠭᠡ ᠎ ᠶᠢ ᠡᠬᠢᠯᠡᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ 《 ᠨᠢᠭᠡ ᠲᠣᠰᠬᠤᠨ ᠨᠢᠭᠡ ᠲᠦᠷᠦᠯ ᠲᠡᠮᠳᠡᠭ ᠨᠢᠭᠡ ᠣᠨᠴᠠᠯᠢᠭ ᠲᠠᠢ 》 ᠲᠣᠰᠬᠤᠨ ᠤ ᠬᠠᠮᠲᠤ ᠶᠢᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠪᠤᠵᠠᠭᠠᠶᠢᠷᠠᠨ ᠬᠥᠭᠵᠢᠬᠦ ᠶᠢ ᠲᠡᠳᠬᠦᠵᠦ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠰ ᠪᠤᠰᠬᠠᠬᠤ ᠲᠠᠪᠴᠠᠩ ᠳᠤ ᠲᠦᠰᠢᠭᠯᠡᠨ ᠪᠣᠷᠣᠯᠠᠭᠤᠯᠭ᠎ᠠ ᠶᠢ ᠥᠷᠭᠡᠳᠬᠡᠨ᠎ᠡ᠃     ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠵᠢᠴᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠡᠬᠢᠯᠡᠭᠦᠯᠵᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠤᠯᠠ ᠲᠠᠯᠪᠢᠵᠤ ᠪᠠᠶᠢᠭ᠎ᠠ ᠭᠠᠵᠠᠷ᠂ ᠦᠷ᠎ᠡ ᠠᠰᠢᠭ ᠢᠶᠠᠷ ᠳᠣᠣᠷ᠎ᠠ ᠭᠠᠵᠠᠷ ᠬᠡᠷᠡᠭᠯᠡᠬᠦ ᠪᠠ ᠵᠥᠪᠰᠢᠶᠡᠷᠡᠭᠦᠯᠦᠭᠰᠡᠨ ᠪᠣᠯᠪᠠᠴᠤ ᠬᠠᠩᠭᠠᠭᠠᠳᠤᠶ ᠭᠠᠵᠠᠷ ᠬᠡᠷᠡᠭᠯᠡᠬᠦ ᠶᠢ ᠰᠢᠶᠳᠪᠦᠷᠢᠯᠡᠬᠦ ᠡᠷᠴᠢᠮ ᠢᠶᠠᠨ ᠨᠡᠮᠡᠭᠳᠡᠭᠦᠯᠵᠦ᠂ 《 ᠦᠬᠦᠰᠢᠷᠡᠮᠡᠯ ᠠᠵᠤ ᠠᠬᠤᠶᠢᠯᠠᠯ 》᠎ ᠢ ᠡᠷᠡᠰ ᠰᠢᠭᠰᠢᠭᠳᠡᠭᠦᠯᠵᠦ᠂ ᠭᠦᠢᠴᠡᠳᠬᠡᠬᠦ ᠲᠤᠭ᠎ᠠ ᠶᠢ ᠳᠡᠭᠡᠭᠰᠢ ᠣᠯᠬᠤ ᠪᠠᠷ ᠴᠢᠷᠮᠠᠶᠢᠬᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠳᠠᠯᠳᠠ ᠬᠦᠴᠦᠨ ᠢ ᠠᠭᠤᠳᠠᠯᠠᠬᠤ ᠶᠢ ᠲᠦᠯᠬᠢᠨ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠦᠷᠢᠶᠡᠯᠡᠩ ᠲᠣᠭᠤᠷᠢᠭ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ 《 ᠬᠤᠳᠠᠯᠳᠤᠭ᠎ᠠ ᠪᠠᠷ ᠠᠷᠠᠯᠵᠢᠶᠠᠴᠢᠨ ᠤᠷᠢᠬᠤ᠂ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠬᠤ 》᠎ ᠶᠢ ᠪᠠᠷᠢᠮᠲᠠᠯᠠᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠳᠡᠭᠡᠰᠦ ᠳᠣᠣᠷᠠᠳᠤ ᠤᠷᠤᠰᠬᠠᠯ ᠤᠨ ᠢᠵᠢ ᠪᠦᠷᠢᠳᠦᠭᠰᠡᠨ ᠲᠥᠷᠥᠯ ᠵᠦᠢᠯ ᠢ ᠭᠤᠣᠯᠳᠠᠯᠭ᠎ᠠ ᠲᠠᠢ ᠤᠷᠢᠨ ᠣᠷᠣᠭᠤᠯᠤᠨ᠎ᠠ; ᠡᠨᠧᠷᠭᠢ ᠶᠢᠨ ᠬᠤᠷᠣᠭᠳᠠᠯ᠂ ᠤᠰᠤ᠂ ᠭᠠᠵᠠᠷ ᠬᠡᠷᠡᠭᠯᠡᠬᠦ ᠵᠡᠷᠭᠡ ᠬᠢᠵᠠᠭᠠᠷᠯᠠᠬᠤ ᠴᠢᠨᠠᠷᠲᠠᠶ ᠭᠦᠶᠴᠡᠳᠬᠡᠯ ᠲᠤᠭ᠎ᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠦᠯᠡᠳᠡᠭᠡᠯ ᠢ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠎ ᠶᠢ ᠪᠠᠲᠤᠯᠠᠨ᠎ᠠ᠃ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠎ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠤᠨ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠶ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃      ( ᠬᠤᠶᠠᠷ ) ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ 《 ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ 》᠎ ᠶᠢᠨ ᠲᠤᠬᠠᠶ ᠴᠢᠬᠤᠯᠠ ᠥᠭᠦᠯᠡᠯᠲᠡ ᠵᠢᠴᠢ 《 ᠦᠬᠠᠶ ᠵᠢᠴᠢ ᠡᠷᠬᠢᠨ ᠲᠣᠭᠤᠷᠢᠨ ᠎ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ 》 ᠭᠡᠬᠦ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢ ᠡᠵᠡᠮᠳᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠶ ᠣᠷᠴᠢᠨ ᠲᠣᠭᠤᠷᠢᠨ ᠢ ᠨᠠᠩ ᠶᠡᠭᠡ ᠬᠡᠮᠵᠢᠶ᠎ᠡ ᠪᠠᠷ ᠰᠠᠶᠢᠵᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃      ᠠᠭᠠᠷ ᠮᠠᠨᠳᠠᠯ ᠤᠨ ᠪᠣᠬᠢᠷᠲᠤᠯ ᠢ ᠣᠨᠣᠪᠴᠢᠲᠠᠶ ᠵᠠᠰᠠᠬᠤ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠶᠢ ᠡᠷᠡᠰ ᠪᠡᠶᠡᠯᠡᠭᠦᠯᠦᠨ᠎ᠡ᠃ ᠠᠮᠢ ᠠᠬᠤᠢ ᠶᠢᠨ ᠣᠷᠴᠢᠨ ᠨᠥᠬᠦᠴᠡᠯ ᠎ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠪᠠ ᠠᠭᠤᠷᠬᠠᠢ ᠶᠢᠨ ᠣᠷᠣᠨ ᠢ ᠵᠠᠰᠠᠬᠤ ᠲᠤᠰᠬᠠᠢ ᠲᠥᠰᠦᠯ ᠢ ᠲᠣᠭᠲᠠᠭᠠᠨ ᠨᠡᠶᠢᠲᠡᠯᠡᠵᠦ᠂ ᠠᠭᠤᠷᠬᠠᠢ ᠶᠢᠨ ᠣᠷᠣᠨ ᠤ ᠠᠮᠢ ᠠᠬᠤᠢ ᠪᠠ ᠭᠠᠵᠠᠷ ᠰᠢᠨᠵᠢᠯᠡᠭᠡᠨ ᠎ ᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠢ ᠲᠦᠯᠬᠢᠨ ᠠᠬᠢᠭᠤᠯᠵᠤ᠂ ᠵᠠᠳᠠᠭᠠᠢ ᠠᠭᠤᠷᠬᠠᠢ ᠶᠢ ᠵᠠᠰᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠣᠬᠢᠷᠲᠤᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠵᠤ ᠂ ᠵᠢᠩ ᠬᠠᠢ ᠴᠠᠬᠢᠯᠭᠠᠨ ᠤ ᠦᠢᠯᠡᠳᠪᠦᠷᠢ ᠶᠢᠨ ᠦᠨᠡᠰᠦ ᠭᠠᠳᠠᠭᠰᠢᠯᠠᠭᠤᠯᠬᠤ ᠦᠢᠯᠡᠳᠪᠦᠷᠢ ᠵᠢᠴᠢ ᠡᠷᠬᠢᠨ ᠲᠣᠭᠤᠷᠢᠨ ᠎ ᠤ ᠡᠵᠡᠨ ᠦᠭᠡᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠨᠡᠭᠦᠷᠡᠰᠦᠨ ᠴᠢᠯᠠᠭᠤ ᠶᠢᠨ ᠥᠪᠡᠷᠲᠡᠭᠡᠨ ᠰᠢᠲᠠᠬᠤ ᠶᠢ ᠵᠠᠰᠠᠬᠤ ᠶᠢ ᠪᠡᠶᠡᠯᠡᠭᠦᠯᠵᠦ᠂ ᠨᠡᠭᠦᠷᠡᠰᠦ ᠨᠡᠭᠡᠭᠡᠨ ᠮᠠᠯᠲᠠᠬᠤ ᠲᠡᠭᠡᠭᠡᠪᠦᠷᠢᠯᠡᠬᠦ ᠣᠪᠣᠭᠠᠯᠠᠨ ᠬᠠᠳᠠᠭᠠᠯᠠᠬᠤ ᠵᠡᠷᠭᠡ ᠪᠦᠬᠦ ᠭᠤᠭᠴᠤᠭ᠎ᠠ ᠶᠢᠨ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠭᠤᠷᠬᠠᠢ ᠶᠢᠨ ᠣᠷᠣᠨ ᠤ ᠭᠠᠯ ᠢ ᠬᠥᠳᠡᠯᠦᠩᠭᠦᠢ ᠪᠠᠷ ᠠᠷᠢᠯᠭᠠᠨ᠎ᠠ᠃ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠳᠡᠮᠡᠬᠡᠢ ᠴᠢᠨᠠᠷ ᠲᠠᠢ ᠣᠷᠭᠠᠨᠢᠭ ᠪᠣᠳᠠᠰ ᠢ ᠵᠠᠰᠠᠬᠤ ᠪᠠ ᠬᠡᠦᠷᠰᠢᠭᠦᠯᠬᠦ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠵᠢᠶᠠᠨ ᠯᠦᠩ ᠪᠤᠭᠤᠲᠤ ᠶᠢᠨ ᠪᠣᠯᠣᠳ ᠲᠡᠮᠦᠷ ᠤᠨ ᠸᠠᠨ ᠲᠧᠩ ᠬᠡᠲᠦ ᠳᠣᠣᠷ᠎ᠠ ᠭᠠᠳᠠᠭᠰᠢᠯᠠᠭᠤᠯᠬᠤ ᠶᠢ ᠥᠭᠡᠷᠡᠴᠢᠯᠡᠨ ᠵᠠᠰᠠᠬᠤ᠂ ᠨᠡᠭᠦᠷᠡᠰᠦ ᠬᠡᠦᠷᠰᠢᠭᠦᠯᠬᠦ ᠬᠠᠭᠤᠷᠠᠢ ᠪᠠᠷ ᠤᠨᠲᠠᠷᠠᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠬᠢᠨᠠᠨ ᠬᠠᠮᠢᠶᠠᠷᠴᠤ ᠰᠢᠳᠬᠡᠨ ᠲᠣᠷᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠷᠢᠯᠭ᠎ᠠ ᠶᠢᠨ ᠭᠠᠵᠠᠷ ᠤᠨ 《 ᠵᠢᠷᠭᠤᠭᠠᠨ ᠵᠠᠭᠤᠨ ᠤ ᠵᠠᠭᠤ 》᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠰᠢᠩ ᠭᠡᠷ ᠤᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠲᠡᠮᠦᠷ ᠵᠠᠮ ᠤᠨ ᠭᠠᠳᠠᠭᠰᠢ ᠲᠡᠭᠡᠭᠡᠪᠦᠷᠢᠯᠡᠬᠦ ᠬᠠᠷᠢᠴᠠᠯ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠨᠡᠭᠦᠷᠡᠰᠦᠲᠥ᠋ᠷᠥᠭᠴᠢ ᠤᠷᠬᠢᠯ ᠳᠤ ᠲᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ( 15 ) ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠡᠷᠴᠢᠮ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠦᠷᠦᠯ ᠤᠨ ᠡᠨᠧᠷᠭᠢ ᠠᠷᠪᠢᠯᠠᠬᠤ᠂ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠵᠠᠭᠠᠵᠠᠯᠠᠵᠤ ᠭᠠᠷᠭᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ 2021 ᠣᠨ ᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠ ᠳᠤ ᠬᠦᠷᠦᠭᠦᠯᠬᠦ ᠎ ᠶᠢ ᠦᠨᠡᠨᠬᠦ ᠪᠠᠲᠤᠯᠠᠨ᠎ᠠ᠃      ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠰᠤ ᠎ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠠᠵᠤ ᠦᠢᠯᠡᠳᠪᠦᠷᠢ᠂ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠳᠠᠬᠢᠯᠲᠠ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ 《 ᠲᠦᠷᠪᠡᠨ ᠰᠠᠮᠠᠭᠤᠨ ᠢ ᠠᠷᠢᠯᠭᠠᠬᠤ 》 ( 17 )᠎ ᠢ ᠦᠷᠭᠦᠯᠵᠢᠯᠡᠨ ᠲᠦᠯᠬᠢᠨ ᠠᠬᠢᠭᠤᠯᠵᠤ᠂ ᠬᠠᠳᠤᠨ ᠭᠤᠣᠯ ᠤᠨ ᠬᠠᠶᠢᠷᠤᠪ ᠎ ᠤᠨ ᠲᠤᠬᠤᠢ ᠶᠢᠨ ᠬᠡᠰᠡᠭ ᠤᠨ ᠤᠰᠤ ᠠᠪᠬᠤ ᠠᠮᠠᠰᠠᠷ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠪᠠ ᠡᠷᠭᠢ ᠬᠠᠮᠠᠭᠠᠯᠠᠬᠤ ᠴᠠᠭᠳᠠᠨ ᠪᠠᠶᠢᠴᠠᠭᠠᠯᠲᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠶᠢᠲᠤ ᠮᠤᠷᠭᠧᠦ ᠶᠢᠨ ᠳᠤᠤᠷᠠᠳᠤ ᠤᠷᠤᠰᠬᠠᠯ᠂ ᠵᠡᠭᠦᠨ ᠠᠭᠤᠯᠠ ᠶᠢᠨ ᠦᠶᠡᠷ ᠢ ᠰᠡᠷᠭᠡᠶᠢᠯᠡᠬᠦ ᠭᠤᠤ ᠵᠡᠷᠭᠡ ᠭᠤᠣᠯ ᠤᠨ ᠵᠠᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠭᠤᠣᠯ ᠮᠥᠷᠡᠨ ᠤ ᠵᠠᠭᠠᠭᠯᠠᠬᠤ ᠠᠵᠢᠯ ᠢ ᠪᠡᠶᠡᠯᠡᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠣᠷᠣᠨ ᠤ ᠨᠣᠭᠤᠭᠠᠷᠠᠭᠤᠯᠤᠯᠲᠠ ᠪᠠ ᠠᠮᠢ ᠠᠬᠤᠶ ᠶᠢᠨ ᠰᠡᠯᠭᠦᠨ ᠰᠡᠷᠭᠦᠬᠦ ᠶᠢ ᠲᠦᠯᠬᠢᠨ ᠠᠬᠢᠭᠤᠯᠵᠤ᠂ ᠪᠣᠷᠣᠭᠠᠨ ᠦᠶᠡᠷ ᠬᠢᠭᠡᠳ ᠬᠥᠪᠦᠮᠡᠯ ᠤᠷᠤᠰᠬᠠᠯ ᠢ ᠬᠠᠰᠢᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠡᠬᠢᠯᠡᠭᠦᠯᠵᠦ᠂ ᠭᠠᠵᠠᠷ ᠎ ᠤᠨ ᠪᠠᠶᠢᠴᠠ ᠳᠤ ᠲᠦᠰᠢᠭᠯᠡᠨ ᠠᠭᠤᠯᠠᠨ ᠦᠶᠡᠷ ᠲᠤ ᠬᠤᠷᠠᠭᠰᠠᠨ ᠪᠡᠯᠡᠳᠬᠡᠮᠵᠢ ᠶᠢ ᠠᠳᠠᠭ ᠲᠠᠭᠠᠨ 1 ᠰᠠᠭᠤᠷᠢ ᠪᠦᠲᠦᠭᠡᠨ ᠪᠠᠶᠢᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠬᠤᠭᠤᠯᠠᠶ ᠶᠢᠨ ᠲᠣᠣᠷ ᠢ ᠰᠣᠯᠢᠵᠤ ᠢᠵᠢ ᠪᠦᠷᠢᠳᠦᠭᠦᠯᠬᠦ ᠬᠡᠷᠡᠭᠲᠡᠶ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃      ( ᠭᠤᠷᠪᠠ ) ᠬᠤᠲᠠ ᠶᠢᠨ ᠬᠡᠪᠴᠢᠶᠡᠨ ᠤ ᠨᠡᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠰᠢᠰᠲ᠋ᠧᠮ ᠢ ᠲᠦᠷᠭᠡᠨ ᠪᠠᠶᠢᠭᠤᠯᠵᠤ᠂ ᠨᠡᠢᠭᠡᠮ ᠤᠨ ᠵᠠᠰᠠᠯᠲᠠ ᠶᠢᠨ ᠬᠢᠷᠢ ᠲᠦᠪᠰᠢᠨ ᠪᠠ ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦᠲᠡᠢ ᠠᠬᠢᠭᠤᠯᠤᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠣᠭᠤᠷᠢᠨ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠵᠦ᠂ ᠣᠶᠤᠨᠴᠢ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠣᠯᠠᠨ ᠲᠦᠮᠡᠨ ᠳᠤ ᠦᠶᠯᠡᠴᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠤ ᠨᠡᠢᠭᠡᠮ ᠤᠨ ᠵᠠᠰᠠᠯᠲᠠ ᠶᠢᠨ ᠵᠢᠯᠣᠭᠤᠳᠬᠤ ᠲᠠᠪᠴᠠᠩ ᠣᠨ ᠪᠠᠢᠭᠤᠯᠤᠯᠲᠠ ᠶᠢ ᠲᠦᠷᠭᠡᠳᠬᠡᠵᠦ᠂ ᠲᠣᠭᠠᠴᠢᠯᠠᠭᠰᠠᠨ ᠵᠠᠰᠠᠭ ᠣᠨ ᠣᠷᠳᠣᠨ᠂ ᠲᠣᠭᠠᠴᠢᠯᠠᠭᠰᠠᠨ ᠨᠡᠢᠭᠡᠮ ᠢ ᠪᠠᠶᠢᠭᠤᠯᠵᠤ᠂ ᠲᠣᠮᠣ ᠳ᠋ᠠᠶᠢᠲ᠋ᠠ᠂ ᠣᠶᠤᠨᠴᠢᠯᠠᠭᠰᠠᠨ ᠨᠡᠢᠭᠡᠮ ᠤᠨ ᠵᠠᠰᠠᠯᠲᠠ ᠳᠠᠬᠢ ᠬᠡᠷᠡᠭᠯᠡᠯᠲᠡ ᠶᠢ ᠠᠬᠢᠭᠤᠯᠤᠨ᠎ᠠ᠃ 《 ᠲᠣᠤᠷᠴᠢᠯᠠᠯ ᠣᠨ ᠠᠵᠢᠯᠲᠠᠨ 》᠎ ᠤ ᠡᠩᠨᠡᠭᠡ ᠶᠢᠨ ᠲᠤᠰᠬᠠᠶᠢᠵᠢᠬᠤ᠂ ᠠᠵᠢᠯ ᠮᠡᠷᠭᠡᠵᠢᠬᠦ ᠬᠢᠷᠢ ᠬᠡᠮᠵᠢᠶ᠎ᠡ ᠪᠠ ᠵᠥᠷᠢᠴᠡᠯ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠢᠯᠣᠭᠤᠳᠬᠤ ᠲᠠᠪᠴᠠᠩ ᠳᠤ ᠲᠦᠰᠢᠭᠯᠡᠨ ᠵᠣᠬᠢᠴᠠᠩᠭᠤᠶ ᠨᠢᠭᠡᠳᠦᠯᠲᠡᠶ᠂ ᠲᠦᠷᠭᠡᠨ ᠪᠥᠭᠡᠳ ᠳᠥᠭᠦᠮ ᠳᠥᠲᠡ ᠬᠤᠲᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠠᠶᠢᠭᠤᠯᠵᠤ᠂ 《 ᠨᠥᠬᠦᠭᠡᠰᠦ ᠣᠷᠣᠭᠤᠯᠬᠤ 》 ᠠᠷᠭ᠎ᠠ ᠮᠠᠶ᠋ᠢᠭ ᠢᠶᠠᠷ ᠪᠣᠳᠠᠲᠠᠶ ᠶᠢ ᠡᠷᠬᠢᠮᠯᠡᠭᠰᠡᠨ ᠲᠤᠰᠠᠲᠠᠶ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ ᠦᠷᠭᠦᠯᠵᠢᠯᠡᠨ ᠲᠣᠭᠲᠠᠭᠠᠵᠤ᠂ 《 ᠵᠡᠭᠡᠯᠢ ᠶᠢᠨ ᠳᠠᠷᠤᠭ᠎ᠠ ᠶᠢᠨ ᠲᠦᠷᠢᠮ 》᠎ ᠢ ᠬᠡᠷᠡᠭᠵᠢᠭᠦᠯᠦᠨ᠂ 《 ᠵᠠᠰᠠᠮᠠᠯ ᠵᠠᠮ ᠢᠶᠠᠷ ᠠᠵᠢᠯᠯᠠᠬᠤ 》᠎ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠳᠠᠬᠢ ᠲᠦᠭᠵᠢᠷᠡᠯ ᠪᠠ ᠬᠦᠴᠢᠷᠳᠡᠯ ᠢ ᠴᠠᠭ ᠲᠤᠬᠠᠶ ᠳᠤᠨᠢ ᠰᠢᠶᠳᠪᠦᠷᠢᠯᠡᠨ᠎ᠡ᠃ ᠰᠢᠨ᠎ᠡ ᠴᠠᠭ ᠦᠶ᠎ᠡ ᠶᠢᠨ 《 ᠹᠧᠩ ᠴᠢᠶᠣᠤ ᠶᠢᠨ ᠲᠤᠷᠰᠢᠯᠭ᠎ᠠ 》 ( 18 )᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠵᠣᠬᠢᠴᠠᠭᠤᠯᠬᠤ᠂ ᠪᠠᠯᠭᠠᠰᠤᠨ ᠠᠴᠠ ᠲᠦᠷᠦᠭᠦᠯᠡᠨ ᠬᠢᠬᠦ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠬᠠᠮᠵᠢᠯᠴᠠᠨ ᠬᠥᠳᠡᠯᠦᠯᠴᠡᠬᠦ ᠲᠣᠭᠲᠠᠭᠤᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦ ᠬᠦᠴᠦᠨ ᠢᠶᠠᠷ ᠢᠶᠠᠨ ᠠᠷᠢᠯᠭᠠᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠩᠭ᠎ᠠ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ ᠢᠯᠡᠷᠡᠭᠦᠯᠦᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶᠯ ᠤᠨ ᠪᠠᠶᠢᠷᠢᠯᠠᠭᠤᠯᠤᠯᠲᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠶ ᠠᠬᠢᠭᠤᠯᠬᠤ ᠬᠡᠷᠡᠭᠲᠡᠶ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 《 ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ 》᠎ ᠳᠤ ᠲᠦᠰᠢᠭᠯᠡᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠣᠮᠣ ᠳ᠋ᠠᠶᠢᠲ᠋ᠠ ᠪᠠ ᠣᠶᠤᠨᠴᠢ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠰᠦᠯᠵᠢᠶᠡᠨ ᠳᠡᠭᠡᠷ᠎ᠡ 《 ᠨᠢᠭᠡ ᠯᠡ ᠰᠦᠯᠵᠢᠶ᠎ᠡ ᠎ ᠪᠠᠷ ᠨᠡᠶᠢᠳᠡᠮ ᠭᠦᠶᠴᠡᠳᠬᠡᠬᠦ 》᠎ ᠶᠢ ᠴᠢᠷᠮᠠᠶᠢᠨ ᠪᠡᠶᠡᠯᠡᠭᠦᠯᠦᠨ᠎ᠡ᠃ ᠴᠢᠬᠤᠯᠠ ᠪᠤᠰᠤ ᠬᠢᠨᠠᠨ ᠵᠥᠪᠰᠢᠶᠡᠷᠡᠬᠦ ᠭᠤᠭᠴᠤᠭ᠎ᠠ ᠶᠢ ᠡᠷᠡᠰ ᠴᠣᠮᠬᠠᠳᠬᠠᠵᠤ᠂ ᠭᠦᠶᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ 《 ᠦᠨᠡᠮᠯᠡᠯ ᠪᠠ ᠭᠡᠷᠡᠴᠢ ᠶᠢ ᠰᠠᠯᠭᠠᠬᠤ 》 ᠥᠭᠡᠷᠡᠴᠢᠯᠡᠯᠲᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ 《 ᠣᠷᠣᠬᠤ ᠶᠢ ᠵᠥᠪᠰᠢᠶᠡᠷᠡᠭᠡᠳ ᠡᠵᠡᠩᠨᠡᠬᠦ ᠶᠢ ᠥᠯᠥ ᠵᠥᠪᠰᠢᠶᠡᠷᠡᠬᠦ 》 ᠠᠰᠠᠭᠤᠳᠠᠯ ᠢ ᠰᠢᠶᠳᠪᠦᠷᠢᠯᠡᠨ᠎ᠡ᠃ ᠤᠯᠤᠰ ᠤᠨ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠴᠡᠪᠡᠷᠯᠡᠨ᠎ᠡ᠃ 《 ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ 》 ᠬᠢᠨᠠᠯᠲᠠ ᠬᠠᠮᠢᠶᠠᠷᠤᠯᠲᠠ ᠎ ᠶᠢᠨ ᠬᠠᠮᠤᠷᠬᠤ ᠨᠤᠷᠮ᠎ᠠ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠲᠦᠷᠦᠯ ᠢ ᠵᠠᠪᠠᠯ ᠪᠣᠳᠠᠲᠠᠢ ᠬᠠᠮᠢᠶᠠᠷᠬᠤ ᠬᠡᠷᠡᠭᠲᠡᠢ᠃      ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠢᠩᠭᠠᠯᠠᠵᠤ᠂ ᠪᠠᠶᠢᠩᠭᠤᠵᠢᠬᠰᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠥᠮᠦᠰ᠂ ᠲᠠᠯᠠᠪᠤᠷ᠂ ᠭᠤᠭᠴᠤᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠪᠣᠯᠤᠨ ᠬᠤᠳᠠᠯᠳᠤᠭᠠᠨ ᠤ ᠭᠤᠣᠯ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠡᠯ᠎ᠡ ᠲᠥᠷᠥᠯ ᠤᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯ ᠲᠠᠢ ᠬᠢᠮᠢ᠂ ᠠᠭᠤᠷᠬᠠᠶ᠂ ᠪᠠᠷᠢᠯᠭ᠎ᠠ ᠪᠠᠷᠢᠬᠤ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠠᠵᠢᠯ ᠲᠥᠷᠥᠯ ᠤᠨ ᠦᠢᠯᠡᠳᠪᠦᠷᠢᠯᠡᠯ ᠤᠨ ᠠᠶᠤᠯ ᠦᠭᠡᠶ ᠶᠢ ᠴᠢᠩᠭ᠎ᠠ ᠠᠩᠬᠠᠷᠴᠤ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠠᠶᠤᠯ ᠦᠭᠡᠶ ᠶᠢ ᠭᠤᠣᠯᠳᠠᠯᠭ᠎ᠠ ᠲᠠᠢ ᠴᠢᠩᠭ᠎ᠠ ᠠᠩᠬᠠᠷᠴᠤ᠂ ᠬᠦᠨᠳᠦ ᠣᠨᠴᠠ ᠶᠡᠭᠡ ᠠᠶᠤᠯ ᠦᠭᠡᠶ ᠶᠢᠨ ᠠᠳᠡᠯ ᠭᠠᠷᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠲᠥᠷᠥᠯ ᠵᠦᠶᠯ ᠢ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠦᠷᠭᠡᠳᠬᠡᠨ ᠴᠡᠭᠴᠡᠯᠡᠨ ᠵᠠᠰᠠᠨ᠎ᠠ᠃      ( ᠳᠥᠷᠪᠡᠨ ) ᠠᠷᠠᠳ ᠤᠨ ᠠᠮᠢᠳᠤᠷᠠᠯ ᠤᠨ ᠰᠠᠭᠤᠷᠢ ᠳᠤᠲᠠᠭᠤᠳᠠᠯ ᠢ ᠨᠥᠬᠦᠪᠥᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ ᠤᠯᠠᠨ ᠲᠦᠮᠡᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠵᠢᠷᠭᠠᠯᠲᠤ ᠲᠦᠷᠦᠭᠳᠡᠯ ᠢ ᠨᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠬᠤᠲᠠ ᠎ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠡᠮᠦᠨ᠎ᠡ ᠵᠠᠮ ᠤᠨ ᠪᠠᠷᠠᠭᠤᠨ ᠬᠡᠰᠡᠭ᠂ ᠢ ᠯᠢᠨ F ᠲᠣᠭᠤᠷᠢᠭ ᠵᠡᠷᠭᠡ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠎ ᠶᠢ ᠠᠬᠢᠭᠤᠯᠵᠤ᠂ ᠯᠦᠩ ᠰᠢᠶᠠᠩ ᠶᠠ ᠶᠤᠸᠠᠨ ᠰᠠᠭᠤᠭᠠᠯᠢ ᠲᠣᠭᠤᠷᠢᠭ ᠵᠡᠷᠭᠡ ᠭᠡᠷ ᠪᠠᠶᠢᠰᠢᠩ ᠭᠠᠵᠠᠷ ᠬᠥᠷᠥᠩᠭᠡ ᠎ ᠶᠢᠨ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 560 ᠢᠵᠢ ᠣᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠰᠠᠭᠤᠳᠠᠯ ᠲᠠᠢ ᠠᠰᠠᠷ ᠎ ᠤᠨ ᠪᠦᠬᠦᠨ ᠢ ᠰᠢᠢᠳᠪᠦᠷᠢᠯᠡᠬᠦ ᠪᠠ 12 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠡᠬᠢᠯᠡᠭᠦᠯᠵᠦ᠂ 9 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ 8 ᠪᠠᠶᠢᠰᠢᠩ ᠭᠡᠷ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠲᠥᠷᠥᠯ ᠵᠦᠢᠯ ᠢ ᠡᠬᠢᠯᠡᠭᠦᠯᠦᠨ᠎ᠡ᠃ 30 %᠎ ᠠᠴᠠ ᠳᠡᠭᠡᠭᠰᠢᠬᠢ ᠰᠠᠭᠤᠭᠠᠯᠢ ᠲᠣᠭᠤᠷᠢᠭ ᠢ ᠪᠣᠯᠪᠠᠰᠤᠨ ᠲᠣᠭᠤᠷᠢᠭ ( ᠨᠡᠶᠢᠭᠡᠮ ᠲᠣᠭᠤᠷᠢᠭ )᠎ ᠤᠨ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠮᠤᠵᠢ ᠶᠢᠨ ᠵᠠᠮ ᠤᠨ S 217 ᠲᠤᠰᠠᠯᠠᠬᠤ ᠵᠠᠮ ᠵᠢᠴᠢ ᠢᠵᠢ ᠪᠦᠷᠢᠳᠦᠭᠦᠯᠬᠦ ᠢᠨᠵᠧᠨᠧᠷᠢᠩ ᠢ ᠡᠬᠢᠯᠡᠨ ᠪᠠᠶᠢᠭᠤᠯᠵᠤ᠂ 500 ᠲᠣᠨ ᠬᠤᠭ ᠨᠣᠪᠰᠢ ᠳᠠᠮᠵᠢᠭᠤᠯᠬᠤ ᠥᠷᠲᠡᠭᠡ ᠶᠢᠨ ᠪᠠᠶᠢᠭᠤᠯᠤᠨ ᠪᠦᠲᠦᠭᠡᠬᠦ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠪᠡᠯᠡᠳᠬᠡᠮᠵᠢ ᠲᠥᠬᠦᠭᠡᠷᠦᠮᠵᠢ ᠶᠢ ᠨᠡᠮᠡᠵᠦ ᠲᠣᠬᠢᠷᠠᠭᠤᠯᠤᠨ᠂ 10 ᠬᠤᠲᠠ ᠶᠢᠨ ᠲᠣᠭᠤᠷᠢᠭ ᠤᠨ ᠵᠣᠷᠯᠣᠩ ᠢ ᠰᠢᠨ᠎ᠡ ᠎ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 62 ᠺᠢᠯᠣᠮᠧᠲᠷ ᠪᠣᠬᠢᠷ ( ᠪᠣᠷᠣᠭᠠᠨ ) ᠤᠰᠤᠨ ᠤ ᠬᠤᠭᠤᠯᠠᠶ ᠎ ᠶᠢᠨ ᠲᠣᠤᠷ᠂ 130 ᠺᠢᠯᠣᠮᠧᠲᠷ ᠪᠠᠶᠢᠭᠠᠯᠢ ᠶᠢᠨ ᠰᠢᠲᠠᠮᠠᠬᠠᠶ ᠬᠡᠢ ᠶᠢᠨ ᠭᠤᠤᠯᠴᠢᠯᠠᠨ ᠬᠠᠮᠢᠶᠠᠷᠬᠤ ᠲᠣᠤᠷ ᠪᠣᠯᠤᠨ ᠪᠠᠭ᠎ᠠ ᠲᠣᠭᠤᠷᠢᠭ ᠤᠨ ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ ᠴᠡᠴᠡᠷᠯᠢᠭ᠂ ᠠᠭᠤᠳᠠᠮ ᠲᠠᠯᠠᠪᠠᠢ ᠶᠢᠨ ᠨᠣᠭᠤᠭᠠᠷᠠᠭᠤᠯᠤᠯᠲᠠ ᠶᠢᠨ ᠰᠠᠭᠤᠷᠢ ᠶᠢ ᠳᠡᠭᠡᠭᠰᠢᠯᠡᠭᠦᠯᠵᠦ᠂ ᠹᠧᠩ ᠬᠤᠸᠠᠩ ᠱᠠᠨ ᠲᠠᠮᠢᠷ ᠤᠨ ᠴᠡᠴᠡᠷᠯᠢᠭ ᠪᠠ 3 ᠪᠢᠴᠢᠯ ᠬᠡᠯᠪᠡᠷᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠵᠡᠭᠡᠯᠢ ᠭᠤᠳᠤᠮᠵᠢ ᠶᠢ ᠨᠣᠭᠤᠭᠠᠷᠠᠭᠤᠯᠤᠨ ᠭᠤᠶᠤᠵᠢᠭᠤᠯᠤᠨ᠎ᠠ᠃ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠴᠢᠶᠠᠨ ᠯᠢ ᠱᠠᠨ ᠪᠠᠯᠭᠠᠰᠤᠨ ᠤ ᠬᠥᠳᠡᠭᠡ ᠲᠣᠰᠬᠤᠨ ᠤ ᠤᠤᠭᠤᠬᠤ ᠤᠰᠤᠨ ᠎ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠠ ᠰᠢᠨ ᠪᠠ ᠨᠡᠶᠢᠭᠡᠮ ᠲᠣᠭᠤᠷᠢᠭ ᠤᠨ ᠪᠣᠬᠢᠷ ᠤᠰᠤ ᠶᠢ ᠴᠤᠭᠯᠠᠭᠤᠯᠬᠤ ᠲᠥᠷᠥᠯ ᠵᠦᠶᠯ ᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠵᠠᠮ ᠤᠨ ᠳ᠋ᠧᠩ ᠢ ᠥᠭᠡᠷᠡᠴᠢᠯᠡᠬᠦ᠂ ᠵᠤᠯᠵᠠᠭ᠎ᠠ ᠮᠣᠳᠣ ᠶᠢ ᠨᠣᠭᠤᠭᠠᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠠ᠃ ᠬᠤᠲᠠ ᠶᠢᠨ ᠲᠣᠭᠤᠷᠢᠭ᠂ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠨ᠎ᠠ᠃      ᠠᠷᠠᠳ ᠤᠨ ᠦᠨᠳᠦᠰᠦᠨ ᠠᠮᠢᠳᠤᠷᠠᠯ ᠢ ᠬᠦᠴᠦᠯᠡᠨ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ ᠬᠠᠮᠲᠤᠯᠢᠭ ᠪᠣᠯᠤᠨ ᠵᠠᠬ᠎ᠠ ᠬᠢᠵᠠᠭᠠᠷ ᠲᠤ ᠪᠠᠶᠢᠭ᠎ᠠ ᠡᠷᠦᠬᠡ ᠶᠢᠨ ᠣᠷᠣᠯᠭ᠎ᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ ᠂ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠲᠡᠳᠬᠦᠨ ᠪᠤᠵᠠᠭᠠᠶᠢᠷᠠᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠣᠲᠣ ᠶᠢᠨ ᠪᠠᠶᠢᠭ᠎ᠠ ᠠᠵᠢᠯ ᠣᠯᠭᠤᠯᠲᠠ ᠎ ᠶᠢᠨ ᠠᠵᠢᠯ ᠤᠨ ᠪᠠᠶᠢᠷᠢ ᠶᠢᠨ ᠲᠣᠭᠲᠠᠭᠤᠨ ᠢ ᠪᠠᠲᠤᠯᠠᠨ᠎ᠠ᠃ ᠠᠵᠢᠯ ᠣᠯᠭᠤᠵᠤ ᠠᠳᠠᠯ ᠦᠢᠯᠡᠰ ᠪᠣᠰᠬᠠᠬᠤ ᠶᠢ ᠵᠣᠷᠢᠭᠵᠢᠭᠤᠯᠤᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠢᠳᠡᠪᠬᠢᠲᠡᠶ ᠪᠠᠷ ᠨᠡᠭᠡᠭᠡᠵᠦ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠠᠵᠢᠯ ᠣᠯᠭᠤᠬᠤ ᠦᠢᠯᠡᠴᠢᠯᠡᠭᠡᠨ ᠢ ᠨᠡᠮᠡᠭᠳᠡᠭᠦᠯᠦᠨ᠂ ᠬᠤᠲᠠ ᠪᠠᠯᠭᠠᠰᠤ ᠎ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠨ ᠬᠥᠮᠦᠨ ᠠᠮᠠ 2500 ᠬᠥᠮᠦᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ ᠦᠨᠡᠨᠬᠦ ᠪᠠᠲᠤᠯᠠᠵᠤ᠂ ᠪᠠᠶᠢᠴᠠᠭᠠᠭᠰᠠᠨ ᠠᠵᠢᠯ ᠠᠯᠳᠠᠯᠲᠠ ᠎ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠯᠦᠬᠦ ᠬᠠᠷᠢᠴᠠᠯ ᠢ 80 % ᠪᠠ 60 % ᠪᠠᠶᠢᠯᠭᠠᠬᠤ ᠶᠢ ᠦᠨᠡᠨ ᠬᠦ ᠪᠠᠲᠤᠯᠠᠵᠤ᠂ DRG ᠵᠠᠷᠤᠳᠠᠯ ᠲᠦᠯᠦᠬᠦ ᠤᠯᠤᠰ ᠤᠨ ᠲᠤᠷᠰᠢᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠦᠷᠢᠮ ᠢ ᠲᠦᠷᠭᠡᠪᠴᠢᠯᠡᠨ ᠨᠠᠶᠢᠳᠠᠪᠤᠷᠢᠵᠢᠭᠤᠯᠤᠨ᠎ᠠ᠃ ᠬᠦᠴᠢᠷᠳᠡᠯᠲᠡᠶ ᠭᠡᠷ ᠪᠦᠯᠢ ᠪᠠ ᠬᠤᠪᠢ ᠬᠥᠮᠦᠨ ᠢ ᠲᠦᠷ ᠴᠠᠭ ᠠᠪᠤᠷᠠᠨ ᠲᠤᠰᠠᠯᠠᠬᠤ ᠶᠢ ᠴᠢᠩᠭᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠡᠯ᠎ᠡ ᠲᠥᠷᠥᠯ ᠤᠨ ᠲᠤᠰᠠᠯᠠᠮᠵᠢ ᠶᠢᠨ ᠪᠠᠯᠠ ᠮᠥᠩᠭᠦ ᠶᠢ ᠲᠤᠭ᠎ᠠ ᠶᠣᠰᠣᠭᠠᠷ ᠭᠦᠶᠴᠡᠳ ᠲᠠᠷᠬᠠᠭᠠᠵᠤ᠂ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠨ᠎ᠠ᠃ ᠬᠥᠯᠥᠰᠥᠨ ᠠᠵᠢᠯᠴᠢᠨ᠂ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃ 《 ᠨᠢᠭᠡ ᠨᠠᠰᠤᠲᠠᠨ ᠨᠢᠭᠡ ᠨᠢᠯᠬ᠎ᠠ 》᠎ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ 7 ᠨᠠᠰᠤᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠ 24 ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠦᠨ᠎ᠡ᠃ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶᠯᠡᠴᠢᠯᠡᠭᠡ ᠬᠥᠭᠵᠢᠭᠦᠯᠬᠦ ᠶᠢ ᠦᠷᠭᠦᠯᠵᠢᠯᠡᠨ ᠳᠡᠮᠵᠢᠨ᠎ᠡ᠃ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠲᠠᠢ ᠲᠡᠩᠴᠡᠭᠦᠷᠢᠲᠡᠢ ᠪᠣᠯᠭᠠᠬᠤ ᠬᠥᠭᠵᠢᠯᠲᠡ ᠶᠢ ᠲᠦᠷᠭᠡᠯᠡᠨ ᠠᠬᠢᠭᠤᠯᠵᠤ᠂ ᠤᠢ ᠶᠢᠨ ᠰᠡᠭᠦᠳᠡᠷ ᠲᠠᠢ ᠪᠠᠭ᠎ᠠ ᠰᠤᠷᠭᠠᠭᠤᠯᠢ᠂ ᠪᠢᠨ ᠾᠧ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠵᠡᠷᠭᠡ 13 ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠎ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠭᠦᠯᠦᠨ ᠬᠡᠷᠡᠭᠵᠢᠭᠦᠯᠵᠦ᠂ 2 ᠬᠡᠦᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠮᠡᠷᠭᠡᠵᠢᠯ ᠤᠨ ᠰᠡᠷᠭᠡᠶᠢᠯᠡᠯᠲᠡ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠶᠢ ᠰᠦᠪᠡᠭᠴᠢᠯᠡᠨ ᠬᠡᠷᠡᠭᠵᠢᠭᠦᠯᠵᠦ᠂ ᠦᠬᠠᠶ ᠶᠢᠨ ᠾᠧᠩ ᠱᠢ ᠳᠤᠮᠳᠠᠳᠤ ᠰᠤᠷᠭᠠᠭᠤᠯᠢ ᠵᠡᠷᠭᠡ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠨ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ ᠡᠭᠦᠷᠭᠡ ᠶᠢ ᠪᠡᠶᠡᠯᠡᠭᠦᠯᠦᠨ᠎ᠡ᠃ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ᠂ ᠦᠬᠠᠶ ᠬᠤᠲᠠ ᠶᠢᠨ ᠰᠠᠺᠦᠷᠠ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠵᠡᠷᠭᠡ ᠡᠮᠴᠢᠯᠡᠭᠡᠨ ᠤ ᠰᠠᠭᠤᠷᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠷᠡᠲᠦ ᠡᠮᠨᠡᠯᠭᠡ ᠶᠢᠨ ᠬᠤᠷᠢᠶ᠎ᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠢᠲᠠᠳ ᠡᠮ ᠡᠮᠨᠡᠯᠭᠡ ᠶᠢᠨ ᠦᠶᠯᠡᠰ ᠢ ᠶᠡᠬᠡᠪᠡᠷ ᠬᠥᠭᠵᠢᠭᠦᠯᠵᠦ᠂ ᠡᠮᠴᠢᠯᠡᠭᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠎ ᠲᠠᠢ ᠤᠶᠠᠯᠳᠤᠭᠤᠯᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠪᠡ᠃      ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠨ᠎ᠠ᠃ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠱᠠᠰᠢᠨ ᠰᠤᠷᠲᠠᠬᠤᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠲᠣᠬᠢᠷᠠᠯᠴᠠᠭᠤᠯᠤᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠪᠡ᠃ ᠰᠢᠨ᠎ᠡ ᠪᠠᠶᠢᠳᠠᠯ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠮᠡᠭᠲᠡᠶᠢᠴᠦᠳ ᠬᠡᠦᠬᠡᠳ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ᠰᠢᠨ᠎ᠡ ᠪᠠᠶᠢᠳᠠᠯ ᠂ ᠰᠢᠨ᠎ᠡ ᠡᠭᠦᠷᠭᠡ ᠶᠢᠨ ᠡᠮᠦᠨ᠎ᠡ᠂ ᠪᠢᠳᠡ 《 ᠳᠥᠷᠪᠡᠨ ᠤᠬᠠᠮᠰᠠᠷ 》᠎ ᠢ ᠪᠠᠲᠤ ᠪᠣᠶ ᠪᠣᠯᠭᠠᠵᠤ᠂ 《 ᠳᠥᠷᠪᠡᠨ ᠢᠲᠡᠭᠡᠯ 》᠎ ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》᠎ ᠶᠢ ᠪᠡᠶᠡᠯᠡᠭᠦᠯᠵᠦ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠨᠠᠭᠠᠴᠢᠯᠠᠭ᠎ᠠ ᠎ ᠠᠴᠠ ᠪᠠᠨ ᠵᠣᠬᠢᠴᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠣᠯᠠᠨ ᠲᠦᠮᠡᠨ ᠳᠤ ᠨᠠᠩ ᠡᠷᠬᠡ ᠲᠡᠭᠰᠢ ᠲᠥᠪ ᠭᠤᠤᠯᠴᠢ ᠥᠨᠳᠥᠷ ᠪᠦᠲᠦᠮᠵᠢᠲᠡᠶ ᠰᠢᠯᠢᠳᠡᠭ ᠦᠶᠯᠡᠴᠢᠯᠡᠭᠡ ᠬᠠᠩᠭᠠᠨ᠎ᠠ᠃      ᠢᠮᠠᠭᠲᠠ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠢᠢᠯᠠᠭᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠤᠯᠤᠰ ᠲᠥᠷᠥ ᠎ ᠶᠢᠨ ᠪᠠᠶᠢᠭᠤᠯᠤᠯᠲᠠ ᠶᠢ ᠢᠮᠠᠭᠲᠠ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ ᠎ ᠶᠢ ᠪᠡᠶᠡᠯᠡᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠨ᠎ᠠ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ ᠵᠦᠶᠯ ᠤᠨ ᠢᠯᠵᠠᠷᠠᠯ ᠤᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠲᠥᠪ ᠤᠨ ᠨᠠᠢᠮᠠᠨ ᠲᠣᠭᠲᠠᠭᠠᠯ ᠢ ᠭᠦᠨᠵᠡᠭᠡᠢ ᠲᠤᠤᠱᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠲᠦᠷᠢᠮ ᠶᠣᠰᠣᠭᠠᠷ ᠠᠵᠢᠯᠯᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠨ᠎ᠡ᠃ ᠤᠯᠤᠰ ᠲᠦᠷᠦ ᠶᠢᠨ ᠵᠥᠪᠯᠡᠯᠭᠡᠨ ᠯᠦᠭᠡ ᠶᠢᠨ ᠨᠡᠪᠲᠡᠷᠡᠯᠴᠡᠭᠡ ᠵᠥᠪᠳᠡᠯᠴᠡᠭᠡ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠬᠢᠨᠠᠮᠠᠭᠠᠢ ᠰᠢᠢᠳᠪᠦᠷᠢᠯᠡᠵᠦ᠂ ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ᠃ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠡᠪᠰᠢᠭᠰᠡᠨ 《 ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ 》᠎ ᠶᠢ ᠰᠠᠶᠢᠲᠤᠷ ᠬᠢᠵᠦ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃      ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠪᠠ᠃ ᠠᠷᠪᠢᠴᠢ ᠭᠠᠮᠲᠠᠶ ᠠᠮᠢᠳᠤᠷᠠᠬᠤ ᠦᠵᠡᠯ ᠰᠠᠨᠠᠭ᠎ᠠ ᠶᠢ ᠪᠣᠶ ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠡᠩ ᠤᠨ ᠴᠢᠨᠠᠷᠲᠠᠶ ᠣᠯᠠᠨ ᠨᠡᠶᠢᠲᠡ ᠶᠢᠨ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠎ᠠ᠃ ᠪᠣᠳᠠᠲᠠᠢ ᠶᠢ ᠡᠷᠬᠢᠮᠯᠡᠬᠦ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢ ᠰᠠᠨᠠᠭᠠᠴᠢᠯᠠᠵᠤ᠂ ᠥᠷᠭᠡᠨ ᠤᠯᠠᠨ ᠺᠠᠳ᠋ᠷ ᠤᠨ ᠲᠤᠰᠬᠠᠶᠢᠵᠢᠭᠰᠠᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠬᠢᠴᠢᠶᠡᠯ ᠨᠥᠬᠦᠪᠥᠷᠢᠯᠡᠨ ᠴᠠᠬᠢᠯᠭᠠᠨ ᠨᠥᠬᠦᠪᠥᠷᠢᠯᠡᠬᠦ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠴᠠᠭ ᠦᠶ᠎ᠡ ᠶᠢᠨ ᠤᠷᠤᠰᠬᠠᠯ ᠢ ᠳᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠢᠴᠢᠭ ᠮᠠᠲ᠋ᠧᠷᠢᠶᠠᠯ ᠢ ᠴᠥᠭᠡᠳᠬᠡᠵᠦ ᠬᠤᠷᠠᠯ ᠢ ᠴᠥᠭᠡᠳᠬᠡᠬᠦ ᠱᠠᠭᠠᠷᠳᠠᠯᠭ᠎ᠠ ᠎ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠵᠠᠰᠠᠭ ᠤᠨ ᠣᠷᠳᠣᠨ ᠎ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠪᠠ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠲᠡᠭ ᠰᠠᠭᠤᠷᠢ ᠲᠥᠰᠦᠪ ( 21 ) ᠎ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠣᠲᠣ ᠦᠶ᠎ᠡ ᠎ ᠶᠢᠨ ᠠᠵᠤ ᠠᠬᠤᠶᠢᠯᠠᠯ ᠤᠨ ᠲᠦᠷᠢᠮ ᠢ ᠪᠦᠷᠢᠨᠰᠢᠭᠦᠯᠦᠨ᠂ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠶᠢᠨ ᠡᠳ᠋ ᠬᠥᠷᠥᠩᠭᠡ ᠶᠢ ᠪᠥᠬᠦ ᠲᠠᠯ᠎ᠠ ᠪᠠᠷ ᠴᠡᠪᠡᠷᠯᠡᠬᠦ᠂ ᠬᠡᠷ ᠬᠥᠷᠥᠩᠭᠡ ᠎ ᠶᠢ ᠴᠡᠪᠡᠷᠯᠡᠬᠦ᠂ ᠭᠠᠵᠠᠷ ᠰᠢᠷᠣᠶ ᠶᠢ ᠴᠡᠪᠡᠷᠯᠡᠬᠦ᠂ ᠠᠵᠢᠯᠲᠠᠨ ᠢ ᠴᠡᠪᠡᠷᠯᠡᠬᠦ ᠶᠢ ᠠᠬᠢᠭᠤᠯᠵᠤ᠂ ᠤᠯᠤᠰ ᠤᠨ ᠥᠮᠴᠢᠯᠡᠯ ᠎ ᠤᠨ ᠡᠳ᠋ ᠬᠥᠷᠥᠩᠭᠡ ᠶᠢ ᠤᠯᠠᠮ ᠴᠢᠨᠠᠭᠰᠢᠳᠠ ᠠᠮᠢᠳᠤᠯᠢᠭ ᠪᠣᠯᠭᠠᠨ᠎ᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠲᠥᠷᠥᠯ ᠤᠨ ᠲᠥᠷᠥᠯ ᠵᠦᠢᠯ ᠤᠨ ᠦᠨ᠎ᠡ ᠬᠠᠩᠰᠢ ᠶᠢ ᠬᠢᠨᠠᠨ ᠲᠣᠭᠲᠠᠭᠠᠵᠤ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ 《 ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ 》ᠠᠵᠠ ᠲᠣᠬᠢᠶᠠᠯ ᠢ ᠪᠠᠲᠤ ᠡᠵᠡᠮᠳᠡᠵᠦ᠂ ᠠᠵᠤ ᠦᠶᠯᠡᠰ ᠤᠨ ᠬᠡᠯᠬᠢᠶ᠎ᠡ ᠶᠢ ᠨᠥᠬᠦᠪᠥᠷᠢᠯᠡᠬᠦ᠂ ᠳᠡᠭᠡᠳᠦ ᠳᠣᠤᠷᠠᠳᠤ ᠤᠷᠤᠰᠬᠠᠯ ᠤᠨ ᠬᠠᠩᠭᠠᠯᠭ᠎ᠠ᠂ ᠦᠶᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠬᠥᠭᠵᠢᠭᠰᠡᠨ ᠭᠠᠵᠠᠷ ᠣᠷᠣᠨ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠬᠠᠮᠲᠤᠷᠠᠯᠴᠠᠨ ᠬᠥᠭᠵᠢᠬᠦ ᠶᠢ ᠴᠢᠩᠭᠠᠳᠬᠠᠨ᠎ᠠ᠃      ᠲᠥᠯᠥᠭᠡᠯᠡᠭᠴᠢᠳ ᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠨᠢᠭᠡᠨᠲᠡ ᠡᠬᠢᠯᠡᠪᠡ᠂ ᠭᠠᠭᠴᠠ ᠬᠦ ᠦᠨᠡᠨ ᠪᠣᠳᠠᠲᠠᠢ ᠠᠵᠢᠯᠯᠠᠵᠤ ᠡᠷᠡᠯᠬᠡᠭᠯᠡᠨ ᠲᠡᠮᠡᠴᠡᠪᠡᠯ ᠰᠠᠶ᠋ᠢ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠥᠬᠦᠷᠡᠰᠢ ᠥᠬᠡᠶ ᠲᠡᠮᠡᠴᠡᠵᠦ᠂ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠲᠤᠷ ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠶ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号