ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 《 ᠠᠷᠬᠠᠭ ᠬᠡᠮ 》᠎ ᠢ ᠲᠥᠪᠯᠡᠷᠡᠭᠦᠯᠦᠨ ᠴᠡᠪᠡᠷᠯᠡᠪᠡ
ᠨᠡᠶᠢᠲᠡᠯᠡᠭᠰᠡᠨ ᠴᠠᠭ᠄
2021/4/16
     ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠎ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠳᠠ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠳᠤᠲᠠᠭᠤᠳᠠᠯ ᠢ ᠴᠢᠩᠭ᠎ᠠ ᠠᠩᠬᠠᠷᠴᠤ᠂ 《 ᠬᠤᠸᠠᠷ ᠬᠠᠳᠬᠤᠬᠤ 》 ᠠᠷᠭ᠎ᠠ ᠪᠠᠷ ᠬᠤᠳᠠ ᠎ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠪᠣᠯᠪᠠᠰᠤᠨ ᠦᠷ᠎ᠡ ᠶᠢ ᠬᠤᠳᠠ ᠶᠢᠨ ᠡᠯ᠎ᠡ ᠥᠨᠴᠥᠭ ᠪᠤᠯᠤᠩ ᠳᠤ ᠦᠨᠳᠦᠰᠦᠯᠡᠭᠦᠯᠦᠨ ᠰᠣᠶᠣᠭᠠᠯᠠᠭᠤᠯᠪᠠ᠃      ᠲᠦᠷᠦᠭᠦᠬᠡᠨ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠶᠢᠲᠤ ᠬᠡᠰᠡᠭ ᠤᠨ ᠠᠮᠢ ᠠᠬᠤᠶ ᠶᠢᠨ ᠬᠠᠳᠠᠭᠠᠯᠠᠨ ᠬᠠᠮᠠᠭᠠᠯᠠᠬᠤ ᠳᠤᠮᠳᠠ ᠠᠩᠭᠢ ᠨᠢ ᠲᠠᠷᠢᠶᠠᠯᠠᠬᠤ ᠣᠷᠣᠨ ᠤ ᠵᠠᠮ ᠤᠨ ᠬᠤᠶᠠᠷ ᠬᠠᠵᠠᠭᠤ ᠪᠠᠷ ᠳᠤᠷ᠎ᠠ ᠪᠠᠷ ᠢᠶᠠᠨ ᠣᠪᠣᠭᠠᠯᠠᠨ ᠲᠠᠯᠪᠢᠬᠤ᠂ ᠲᠥᠪᠯᠡᠷᠡᠭᠦᠯᠦᠨ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠵᠠᠮ ᠤᠨ ᠬᠤᠶᠠᠷ ᠬᠠᠵᠠᠭᠤ ᠵᠡᠷᠭᠡ ᠣᠷᠣᠨ ᠪᠦᠰᠡ ᠳᠤ ᠣᠷᠣᠰᠢᠵᠤ ᠪᠠᠶᠢᠭ᠎ᠠ ᠬᠤᠭ ᠨᠣᠪᠰᠢ ᠪᠠ ᠡᠯᠳᠡᠪ ᠪᠣᠳᠠᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ᠵᠡᠭᠡᠯᠢ ᠳᠠᠭᠠᠤ ᠬᠤᠳᠠᠯᠳᠤᠭᠠᠴᠢᠨ ᠡᠷᠦᠬᠡ ᠵᠢᠴᠢ ᠲᠠᠷᠢᠶᠠᠯᠠᠬᠤ ᠣᠷᠣᠨ ᠤ ᠰᠠᠭᠤᠭᠠᠯᠢ ᠡᠷᠦᠬᠡ ᠎ ᠳᠤ ᠡᠷᠦᠬᠡ ᠳᠠᠷᠠᠭᠠᠯᠠᠨ ᠤᠬᠠᠭᠤᠯᠭ᠎ᠠ ᠬᠢᠵᠦ᠂ ᠣᠯᠠᠨ ᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠪᠣᠶ ᠪᠣᠯᠭᠠᠭᠠᠷᠠᠶ ᠭᠡᠵᠦ ᠤᠷᠢᠶᠠᠯᠠᠪᠠ᠃ ᠳᠠᠷᠠᠭ᠎ᠠ ᠨᠢ᠂ ᠬᠠᠤᠯᠢ ᠬᠡᠷᠡᠭᠵᠢᠭᠦᠯᠬᠦ ᠠᠵᠢᠯᠲᠠᠨ ᠲᠥᠪᠯᠡᠷᠡᠭᠦᠯᠦᠨ ᠢᠯᠭᠠᠷᠠᠭᠤᠯᠬᠤ ᠠᠵᠢᠯ ᠢ ᠥᠷᠨᠢᠭᠦᠯᠵᠦ᠂ ᠡᠯᠳᠡᠪ ᠵᠦᠶᠯ ᠤᠨ ᠪᠣᠳᠠᠰ ᠤᠨ ᠡᠷᠬᠡ ᠶᠢᠨ ᠬᠠᠷᠢᠶᠠᠯᠠᠯ ᠨᠢ ᠲᠣᠳᠣᠷᠬᠠᠶ ᠪᠠᠶᠢᠪᠠᠯ᠂ ᠬᠠᠮᠢᠶ᠎ᠠ ᠪᠥᠬᠦᠶ ᠨᠢᠭᠡᠴᠢ᠂ ᠠᠵᠢᠯᠲᠠᠨ ᠢ ᠵᠠᠷᠯᠢᠭᠳᠠᠵᠤ ᠪᠠᠶᠢᠭᠠᠳ ᠠᠯᠢ ᠲᠦᠷᠭᠡᠨ ᠢᠶᠠᠷ ᠨᠡᠭᠦᠯᠭᠡᠵᠦ ᠶᠠᠪᠤᠭᠤᠯᠤᠨ᠎ᠠ  ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 《 ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ 》 ᠭᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠤᠨ ᠲᠥᠯᠥᠭᠡ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号