ᠵᠠᠰᠠᠭ ᠤᠨ ᠣᠷᠳᠣᠨ ᠤ ᠠᠵᠢᠯ ᠤᠨ ᠢᠯᠡᠳᠬᠡᠯ ︵2021︶ | ᠲᠥᠯᠥᠭᠡᠯᠡᠭᠴᠢᠳ ᠡ᠄ | ᠣᠳᠣ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ | ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠷᠠᠯ ᠳᠤ ᠰᠤᠯᠠ ᠣᠷᠣᠯᠴᠠᠭᠰᠠᠨ ᠤᠯᠤᠰ ᠲᠥᠷᠥ | ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ | ᠨᠢᠭᠡ᠂《 ᠠᠷᠪᠠᠨ ᠭᠤᠷᠪᠠᠳᠤᠭᠠᠷ ᠲᠠᠪᠤᠨ ᠵᠢᠯ》 ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 | ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ᠂ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠠᠵᠤ ᠠᠬᠤᠶ ᠶᠢᠨ ᠪᠠᠶᠢᠳᠠᠯ ᠪᠠ | ᠬᠦᠴᠢᠷ ᠪᠡᠷᠬᠡᠰᠢᠶᠡᠯ ᠥᠷᠢᠰᠥᠯᠳᠦᠭᠡᠨ ᠤ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠷᠠᠯ᠂ ᠭᠤᠷᠪᠠᠳᠤᠭᠠᠷ ᠬᠤᠷᠠᠯ᠂ | ᠳᠥᠷᠪᠡᠳᠦᠭᠡᠷ ᠬᠤᠷᠠᠯ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠪᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠪᠠ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠳᠠᠯᠠᠵᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠳᠠᠯᠠᠵᠤ᠂ ᠲᠣᠭᠲᠠᠭᠤᠨ ᠨᠡᠮᠡᠭᠳᠡᠯ ᠢ ᠨᠢᠭᠡᠳᠦᠯᠲᠡᠶ ᠲᠥᠯᠥᠪᠯᠡᠨ ᠠᠬᠢᠭᠤᠯᠪᠠ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ | ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠢᠯ ᠤᠨ ᠡᠭᠦᠷᠭᠡ᠂《 ᠲᠠᠪᠤᠨ ᠣᠷᠣᠨ》 ᠤ ᠪᠦᠳᠦᠭᠡᠨ | ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠪᠡ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ | ᠳᠤ ᠲᠣᠭᠲᠠᠪᠤᠷᠢᠵᠢᠭᠤᠯᠪᠠ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠰᠢᠪᠲᠤᠯᠤᠯᠲᠠ ᠲᠠᠢ ᠪᠣᠯᠪᠠ᠃ ᠭᠠᠵᠠᠷ ᠣᠷᠣᠨ | ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 8 . 2 % ᠢᠶᠠᠷ ᠨᠡᠮᠡᠭᠳᠡᠵᠦ᠂ ᠨᠡᠶᠢᠭᠡᠮ | ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ 3 . 6 | % ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 380 . 86 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠬᠢᠭᠡᠳ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠵᠡᠷᠭᠡᠴᠡᠭᠦᠯᠵᠦ᠂ ᠴᠢᠨᠡᠭᠡᠯᠢᠭ ᠨᠡᠶᠢᠭᠡᠮ | ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠢᠯᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠃ | ᠲᠠᠪᠤᠨ ᠵᠢᠯ ᠤᠨ ᠲᠤᠷᠰᠢ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ | ᠳᠡᠭᠡᠭᠰᠢᠯᠡᠪᠡ᠃ ᠱᠠᠩᠬᠠᠢ ᠶᠢᠨ ᠪᠦ᠋ᠦ ᠡᠤ᠂ ᠪᠡᠭᠡᠵᠢᠩ ᠤᠨ ᠵᠢᠶᠠᠨ ᠯᠦᠩ᠂ ᠵᠢᠩ ᠶᠦᠨ ᠲᠦᠩ ᠵᠡᠷᠭᠡ ᠠᠵᠢᠯ | ᠲᠥᠷᠥᠯ ᠤᠨ ᠳᠠᠭᠠᠭᠤᠯᠤᠭᠴᠢ ᠠᠵᠤ ᠠᠬᠤᠢᠯᠠᠯ ᠢ ᠢᠳᠡᠪᠬᠢᠲᠡᠢ ᠲᠡᠳᠡᠨ ᠣᠷᠣᠭᠤᠯᠵᠤ᠂ ᠪᠣᠯᠣᠳ ᠬᠡᠦᠷᠰᠢᠭᠦᠯᠬᠦ | ᠨᠡᠭᠦᠷᠡᠰᠦᠨ ᠤ ᠠᠵᠤ ᠦᠢᠯᠡᠰ ᠤᠨ ᠰᠢᠰᠲ᠋ᠧᠮ ᠦᠨᠳᠦᠰᠦᠨ ᠳᠡᠭᠡᠨ ᠪᠦᠷᠢᠯᠳᠦᠵᠦ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠲᠦᠷᠭᠡᠨ ᠬᠥᠭᠵᠢᠵᠦ᠂ ᠠᠵᠤ ᠦᠶᠯᠡᠳᠪᠦᠷᠢ ᠶᠢᠨ | ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 16 . 6 % ᠨᠡᠮᠡᠭᠳᠡᠪᠡ᠃ ᠸᠠᠨ ᠳ᠋ᠠ ᠪᠠᠷ ᠭᠤᠣᠯ ᠪᠣᠯᠭᠠᠭᠰᠠᠨ | ᠬᠤᠳᠠ ᠶᠢᠨ ᠬᠤᠳᠠᠯᠳᠤᠭᠠᠨ ᠤ ᠲᠣᠭᠤᠷᠢᠭ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠨᠡᠷᠡᠳᠤ ᠠᠷᠠᠯᠵᠢᠶ᠎ᠠ | ᠬᠤᠳᠠᠯᠳᠤᠭᠠᠨ ᠤ ᠨᠡᠷᠡᠳᠤ ᠲᠡᠮᠳᠡᠭ ᠢ 200 ᠭᠠᠷᠤᠢ ᠣᠷᠣᠭᠤᠯᠤᠨ ᠠᠪᠴᠢᠷᠠᠵᠤ᠂ ᠮᠥᠩᠭᠦᠨ ᠭᠦᠢᠯᠭᠡᠭᠡᠨ ᠤ | ᠦᠢᠯᠡᠰ ᠤᠨ ᠠᠵᠤ ᠠᠬᠤᠢ ᠶᠢᠨ ᠬᠤᠪᠢ ᠨᠡᠮᠡᠷᠢ ᠶᠢᠨ ᠨᠤᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠵᠢᠭᠤᠯᠴᠢᠯᠠᠯ ᠤᠨ | ᠬᠥᠮᠦᠨ ᠤ ᠲᠤᠭ᠎ᠠ ᠪᠠ ᠣᠷᠣᠯᠭ᠎ᠠ ᠲᠦᠷᠭᠡᠨ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ | ᠵᠢᠯ ᠳᠤᠮᠳᠠᠴᠢ ᠪᠠᠷ 4 . 8 % ᠪᠠᠷ ᠨᠡᠮᠡᠭᠳᠡᠪᠡ᠃ ᠦᠵᠦᠮ ᠲᠠᠷᠢᠬᠤ ᠪᠠᠷ ᠭᠤᠣᠯ ᠪᠣᠯᠭᠠᠭᠰᠠᠨ ᠣᠨᠴᠠᠯᠢᠭᠲᠤ | ᠲᠠᠷᠢᠶᠠᠯᠠᠩ ᠦᠳᠲᠡᠷ ᠲᠦᠷᠭᠡᠨ ᠬᠥᠭᠵᠢᠵᠦ᠂ ᠲᠠᠷᠢᠬᠤ ᠲᠠᠯᠠᠪᠠᠢ ᠨᠡᠮᠡᠭᠳᠡᠭᠡᠳ 1 . 1 ᠲᠦᠮᠡᠨ ᠮᠦ ᠪᠣᠯᠵᠤ᠂ | ᠦᠬᠠᠢ ᠶᠢᠨ ᠦᠵᠦᠮ ᠤᠨ ᠠᠯᠳᠠᠷᠰᠢᠯ ᠢᠯᠡᠳᠲᠡ ᠳᠡᠭᠡᠭᠰᠢᠯᠡᠪᠡ᠃ ᠣᠨᠣᠪᠴᠢᠲᠠᠶ ᠪᠠᠷ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ 2018 ᠣᠨ ᠳᠤ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 2 . 39 ᠲᠦᠮᠡᠨ ᠲᠥᠭᠦᠷᠢᠭ ᠪᠣᠯᠲᠠᠯ᠎ᠠ | ᠨᠡᠮᠡᠭᠳᠡᠪᠡ᠃ ᠴᠡᠭᠡᠯ ᠠᠭᠤᠯᠠ ᠪᠠᠯᠭᠠᠰᠤ ᠶᠢ ᠪᠥᠬᠦ ᠤᠯᠤᠰ ᠤᠨ ᠲᠠᠷᠢᠶᠠᠯᠠᠩ ᠤᠨ ᠠᠵᠤ ᠦᠶᠯᠡᠰ ᠤᠨ ᠬᠦᠴᠦᠷᠬᠡᠭ | ᠪᠠᠯᠭᠠᠰᠤ ᠶᠢᠨ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠵᠤ᠂ ᠲᠤᠸᠠᠨ ᠵᠢᠶᠧ | ᠰᠢᠨ᠎ᠡ ᠲᠣᠰᠬᠤᠨ ᠢ ᠤᠯᠤᠰ ᠤᠨ ᠲᠠᠰ ᠤᠨ ᠬᠠᠮᠲᠤ ᠶᠢᠨ ᠠᠵᠤ ᠠᠬᠤᠶ ᠶᠢᠨ ᠭᠤᠤᠯᠳᠠᠯᠭ᠎ᠠ ᠲᠠᠢ ᠲᠡᠳᠬᠦᠬᠦ | ᠲᠣᠰᠬᠤᠨ ᠪᠣᠯᠭᠠᠪᠠ᠃ | ᠲᠠᠪᠤᠨ ᠵᠢᠯ ᠤᠨ ᠲᠤᠷᠰᠢ᠂ ᠠᠮᠢ ᠠᠬᠤᠢ ᠶᠢᠨ ᠣᠷᠴᠢᠨ ᠲᠣᠭᠤᠷᠢᠨ ᠶᠡᠬᠡᠪᠡᠷ ᠰᠠᠶᠢᠵᠢᠷᠠᠪᠠ᠃ ᠠᠭᠤᠷᠬᠠᠢ ᠶᠢᠨ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ 226 ᠨᠡᠭᠦᠷᠡᠰᠦᠨ | ᠠᠭᠤᠷᠬᠠᠢ ᠶᠢᠨ ᠠᠶᠠᠨᠳᠠᠭᠠᠨ ᠨᠣᠴᠣᠬᠤ ᠴᠡᠭ ᠪᠠ 12 ᠰᠢᠷᠣᠢ ᠭᠠᠳᠠᠭᠰᠢᠯᠠᠭᠤᠯᠬᠤ ᠲᠠᠯᠠᠪᠠᠢ ᠶᠢ ᠴᠡᠭᠴᠡᠯᠡᠨ ᠵᠠᠰᠠᠵᠤ | ᠂ 5 ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ ᠳᠠᠭᠤᠰᠬᠠᠨ᠂ | ᠨᠡᠶᠢᠲᠡ 600 ᠮᠤ᠋ ᠠᠭᠤᠷᠬᠠᠢ ᠶᠢᠨ ᠣᠷᠣᠨ ᠢ ᠨᠣᠭᠤᠭᠠᠷᠠᠭᠤᠯᠵᠤ᠂ ᠢᠵᠢ ᠪᠦᠷᠢᠳᠦᠭᠰᠡᠨ ᠤᠰᠤ ᠬᠠᠩᠭᠠᠬᠤ | ᠬᠤᠭᠤᠯᠠᠢ ᠶᠢᠨ ᠲᠣᠣᠷ ᠢ 32 ᠺᠢᠯᠤᠮᠧᠲᠷ ᠪᠠᠶᠢᠭᠤᠯᠪᠠ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠰᠢᠮᠳᠠᠭᠤᠯᠤᠨ ᠪᠠᠶᠢᠴᠠᠭᠠᠬᠤ ᠠᠴᠠ ᠪᠠᠭᠤᠯᠭᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ 7 | ᠠᠵᠤ ᠠᠬᠤᠶᠢᠯᠠᠯ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠤᠬᠤᠷᠢᠨ ᠭᠠᠷᠴᠤ᠂ | 172 ᠰᠠᠭᠤᠷᠢ 35 ᠠᠭᠤᠷ ᠤᠨ ᠲᠣᠨ ᠠᠴᠠ ᠳᠣᠷᠣᠭᠰᠢᠬᠢ ᠭᠦᠸᠧᠯᠦ ᠶᠢ ᠪᠦᠬᠦᠨ ᠢ ᠰᠢᠭᠰᠢᠭᠳᠡᠭᠦᠯᠵᠦ᠂ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠳᠤᠮᠳᠠᠬᠢ ᠤᠰᠤ ᠶᠢ ᠪᠤᠴᠠᠭᠠᠨ ᠬᠡᠷᠡᠭᠯᠡᠬᠦ ᠨᠣᠷᠮ᠎ᠠ 95 . 7 % ᠳᠤ | ᠬᠦᠷᠴᠦ᠂ ᠨᠢᠭᠡᠴᠢ ᠶᠢᠨ GDP ᠶᠢᠨ ᠡᠨᠧᠷᠭᠢ ᠶᠢᠨ ᠬᠤᠷᠣᠭᠳᠠᠯ᠂ ᠲᠦᠮᠡᠨ ᠲᠥᠭᠦᠷᠢᠭ ᠤᠨ ᠠᠵᠤ ᠦᠶᠯᠡᠳᠪᠦᠷᠢ | ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠦᠷᠭᠦᠯᠵᠢᠯᠡᠨ ᠪᠠᠭᠤᠷᠠᠵᠤ᠂ ᠭᠠᠵᠠᠷ ᠳᠣᠤᠷᠠᠬᠢ ᠤᠰᠤᠨ ᠤ | ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠠᠲᠤᠨ ᠭᠤᠤᠯ ᠤᠨ ᠬᠠᠶᠢᠷᠤᠪ ᠤᠨ ᠲᠣᠬᠤᠶ ᠬᠡᠰᠡᠭ ᠤᠨ ᠤᠰᠤᠨ ᠤ | ᠴᠢᠨᠠᠷ ᠨᠢ ᠲᠥᠷᠥᠯ ᠤᠨ ᠪᠠᠷᠢᠮᠵᠢᠶ᠎ᠠ ᠳᠤ ᠬᠦᠷᠴᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠣᠯᠤᠭᠰᠠᠨ ᠡᠳᠦᠷ | ᠤᠨ ᠲᠤᠭ᠎ᠠ ᠨᠢ ᠲᠠᠪᠤᠨ ᠵᠢᠯ ᠤᠨ ᠡᠮᠦᠨᠡᠬᠢ 37 ᠡᠳᠦᠷ ᠢ ᠳᠠᠪᠠᠵᠤ᠂ ᠰᠢᠯᠢᠳᠡᠭ ᠪᠣᠯᠤᠭᠰᠠᠨ ᠨᠣᠷᠮ᠎ᠠ ᠨᠢ 10 . 7 | ᠵᠠᠭᠤᠨ ᠤ ᠴᠡᠭ ᠳᠡᠭᠡᠭᠰᠢᠯᠡᠪᠡ᠃ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠨᠣᠭᠤᠭᠠᠷᠠᠭᠤᠯᠤᠯᠲᠠ ᠶᠢ | ᠬᠡᠷᠡᠭᠵᠢᠭᠦᠯᠦᠨ᠂ ᠨᠣᠭᠤᠭᠠᠷᠠᠭᠤᠯᠤᠯᠲᠠ ᠶᠢᠨ ᠲᠠᠯᠠᠪᠠᠢ ᠶᠢ 4851 ᠮᠦ ᠰᠢᠨ᠎ᠡ ᠪᠠᠷ ᠨᠡᠮᠡᠭᠳᠡᠭᠦᠯᠵᠦ᠂ ᠵᠡᠭᠦᠨ | ᠪᠠᠷᠠᠭᠤᠨ ᠢ ᠬᠤᠯᠪᠣᠭᠰᠠᠨ ᠬᠤᠲᠠ ᠶᠢᠨ ᠳᠤᠮᠳᠠᠬᠢ ᠤᠰᠤᠨ ᠰᠢᠰᠲ᠋ᠧᠮ ᠪᠠ ᠡᠮᠦᠨ᠎ᠡ ᠤᠮᠠᠷ᠎ᠠ ᠶᠢ ᠬᠤᠯᠪᠣᠭᠰᠠᠨ | ᠦᠵᠦᠮ ᠤᠨ ᠴᠡᠴᠡᠷᠯᠢᠭ ᠢ ᠪᠠᠶᠢᠭᠤᠯᠵᠤ᠂ ᠵᠢᠷᠭᠤᠭᠠᠨ ᠴᠡᠴᠡᠷᠯᠢᠭ ᠢ ᠬᠤᠯᠪᠣᠭᠰᠠᠨ ᠪᠣᠬᠢᠷᠲᠤᠯ ᠦᠭᠡᠢ ᠬᠤᠩᠭᠢᠯ ᠢ | ᠦᠨᠳᠦᠰᠦᠨ ᠳᠡᠭᠡᠨ ᠪᠦᠷᠢᠯᠳᠦᠭᠦᠯᠵᠦ᠂ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ | ᠲᠠᠯᠠᠪᠠᠢ ᠪᠠ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠲᠣᠰ ᠲᠣᠰ 22 . 5 ᠲᠡᠭᠰᠢ ᠳᠥᠷᠪᠡᠯᠵᠢᠨ | ᠮᠧᠳ᠋ᠷ ᠪᠠ 46 % ᠳᠤ ᠬᠦᠷᠴᠦ᠂ ᠴᠥᠮ ᠪᠦᠬᠦ ᠤᠯᠤᠰ ᠠᠴᠠ ᠳᠤᠮᠳᠠᠴᠢ ᠬᠢᠷᠢ ᠲᠦᠪᠰᠢᠨ ᠠᠴᠠ ᠳᠠᠪᠠᠪᠠ᠃ | ᠲᠠᠪᠤᠨ ᠵᠢᠯ ᠤᠨ ᠲᠤᠷᠰᠢ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ | ᠲᠦᠷᠭᠡᠨ ᠳᠡᠭᠡᠭᠰᠢᠯᠡᠪᠡ᠃ ᠨᠡᠶᠢᠲᠡ 100 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ | ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ | ᠬᠡᠷᠡᠭᠵᠢᠭᠦᠯᠵᠦ᠂ 51 ᠬᠡᠰᠡᠭ ᠪᠠᠶᠢᠰᠢᠩᠲᠤ ᠲᠣᠭᠤᠷᠢᠭ ᠤᠨ 1 . 28 ᠲᠦᠮᠡᠨ ᠡᠷᠦᠬᠡ ᠶᠢᠨ ᠭᠡᠷ ᠪᠠᠶᠢᠰᠢᠩ ᠢ | ᠲᠠᠲᠠᠪᠤᠷᠢᠯᠠᠨ ᠠᠪᠴᠤ᠂ 164 . 5 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠰᠢᠷᠣᠶ ᠶᠢ ᠬᠤᠷᠢᠶᠠᠨ | ᠨᠥᠭᠡᠴᠡᠯᠡᠵᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠲᠥᠪᠬᠢᠨᠡᠭᠦᠯᠬᠦ | ᠲᠣᠭᠤᠷᠢᠭ ᠤᠨ 6311 ᠢᠵᠢ ᠣᠷᠣᠨ ᠰᠠᠭᠤᠴᠠ ᠶᠢ 5 ᠶᠢ ᠪᠠᠶᠢᠭᠤᠯᠪᠠ᠃ ᠵᠠᠬ᠎ᠠ ᠳᠡᠯᠭᠡᠭᠦᠷ᠂ ᠬᠠᠤᠯᠢ ᠴᠠᠭᠠᠵᠠ᠂ | ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠵᠦ 12 ᠠᠰᠠᠭᠤᠳᠠᠯ ᠲᠠᠢ ᠠᠰᠠᠷ ᠢ ᠰᠡᠷᠭᠦᠭᠡᠨ | ᠠᠵᠢᠯ ᠢᠶᠠᠨ ᠰᠡᠷᠭᠦᠭᠡᠬᠦ ᠶᠢ ᠠᠬᠢᠭᠤᠯᠪᠠ᠃ ᠨᠤᠷᠠᠭᠠᠵᠤ ᠥᠭᠡᠷᠡᠴᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ 58 | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠪᠠ 5 ᠳᠥᠭᠦᠮ ᠪᠦᠲᠦᠴᠡᠲᠦ ᠪᠤᠰᠤ ᠣᠷᠣᠨ ᠰᠠᠭᠤᠴᠠ | ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠪᠡ᠃ ᠬᠤᠲᠠ ᠶᠢᠨ ᠵᠠᠰᠠᠮᠠᠯ | ᠵᠠᠮ ᠤᠨ ᠪᠦᠲᠦᠭᠡᠨ ᠪᠠᠶᠢᠭᠤᠯᠤᠭᠰᠠᠨ ᠵᠠᠮ ᠤᠨ ᠤᠷᠲᠤ 132 . 6 ᠺᠢᠯᠣᠮᠧᠲᠷ ᠲᠤ ᠬᠦᠷᠴᠦ᠂ ᠪᠣᠬᠢᠷ ᠤᠰᠤ | ᠪᠣᠯᠤᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠲᠠᠰᠤᠷᠠᠯᠲᠠ ᠤᠢᠭᠡᠢ ᠲᠡᠭᠦᠯᠳᠡᠷᠵᠢᠵᠦ᠂ ᠦᠶᠡᠷ ᠢ ᠰᠡᠷᠭᠡᠶᠢᠯᠡᠬᠦ | ᠰᠤᠪᠠᠭ ᠤᠨ ᠰᠢᠰᠲ᠋ᠧᠮ ᠢ ᠨᠡᠪᠲᠡᠷᠡᠭᠦᠯᠦᠨ ᠰᠡᠯᠪᠢᠨ ᠵᠠᠰᠠᠵᠤ᠂ ᠨᠢᠭᠡ ᠪᠦᠯᠦᠭ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ | ᠬᠡᠪ ᠵᠠᠭᠪᠤᠷ ᠢ ᠬᠡᠷᠡᠭᠯᠡᠨ ᠲᠦᠷᠭᠡᠳᠬᠡᠨ ᠬᠡᠷᠡᠭᠵᠢᠭᠦᠯᠦᠭᠰᠡᠨ ᠤ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ | ᠰᠠᠶᠢᠰᠢᠶᠠᠯ ᠢ ᠬᠦᠷᠲᠡᠪᠡ᠃ ᠬᠤᠲᠠ ᠶᠢᠨ ᠬᠠᠮᠢᠶᠠᠷᠤᠯᠲᠠ ᠶᠢᠨ ᠵᠥᠪᠯᠡᠯ ᠢᠶᠠᠷ ᠲᠦᠷᠦᠭᠦᠯᠡᠭᠦᠯᠦᠭᠰᠡᠨ᠂ ᠰᠠᠯᠠᠭ᠎ᠠ | ᠮᠥᠴᠢᠷ ᠤᠳ ᠵᠣᠬᠢᠴᠠᠯᠳᠤᠨ ᠬᠠᠮᠲᠤᠷᠠᠨ ᠬᠥᠳᠡᠯᠦᠯᠴᠡᠭᠰᠡᠨ ᠲᠣᠮᠣ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮᠵᠢ | ᠶᠢ ᠪᠠᠶᠢᠭᠤᠯᠵᠤ᠂ ᠣᠯᠠᠨ ᠵᠦᠢᠯ ᠤᠨ ᠰᠠᠭᠤᠷᠢ ᠲᠥᠯᠥᠪᠰᠢᠷᠡᠯ ᠤᠨ ᠴᠢᠨᠠᠷᠲᠠᠶ ᠬᠠᠮᠢᠶᠠᠷᠤᠯᠲᠠ ᠶᠢᠨ ᠳᠦᠷᠢᠮ ᠢ | ᠲᠣᠭᠲᠠᠭᠠᠨ᠂ ᠬᠤᠲᠠ ᠶᠢᠨ ᠬᠠᠮᠢᠶᠠᠷᠤᠯᠲᠠ ᠶᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠪᠣᠯᠭᠠᠵᠤ᠂ ᠤᠯᠤᠰ ᠤᠨ | ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠪᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ 《 ᠳᠥᠷᠪᠡᠨ ᠰᠠᠶᠢᠨ | ᠬᠥᠳᠡᠭᠡ ᠲᠣᠰᠬᠤᠨ ᠤ ᠵᠠᠮ 》 ᠤᠨ ᠣᠷᠳᠣ 212 ᠺᠢᠯᠣᠮᠧᠲᠷ ᠲᠤ ᠬᠦᠷᠴᠦ᠂ ᠲᠣᠰᠬᠤᠨ ᠪᠠᠯᠭᠠᠰᠤ ᠶᠢᠨ ᠵᠡᠭᠡᠯᠢ | ᠭᠤᠳᠤᠮᠵᠢ ᠶᠢᠨ ᠬᠠᠲᠠᠭᠤᠷᠠᠭᠤᠯᠤᠯᠲᠠ ᠶᠢᠨ ᠨᠣᠷᠮ᠎ᠠ 100 % ᠳᠤ ᠬᠦᠷᠴᠦ᠂ ᠪᠣᠬᠢᠷ ᠤᠰᠤ ᠪᠠ ᠠᠮᠢᠳᠤᠷᠠᠯ ᠤᠨ | ᠬᠤᠭ ᠨᠣᠪᠰᠢ ᠶᠢ ᠲᠥᠪᠯᠡᠷᠡᠭᠦᠯᠦᠨ ᠬᠤᠷᠢᠶᠠᠵᠤ ᠰᠢᠶᠳᠪᠦᠷᠢᠯᠡᠬᠦ ᠶᠢ ᠪᠡᠶᠡᠯᠡᠭᠦᠯᠵᠦ᠂ ᠨᠡᠶᠢᠲᠡ ᠶᠢᠨ ᠵᠣᠷᠯᠣᠩ ᠤᠨ | ᠪᠦᠷᠬᠦᠴᠡ ᠶᠢᠨ ᠨᠣᠷᠮ᠎ᠠ 85 % ᠳᠤ ᠬᠦᠷᠴᠦ᠂ ᠪᠥᠬᠦ ᠲᠤᠭᠤᠷᠢᠭ ᠤᠨ ᠬᠤᠲᠠ ᠪᠠᠯᠭᠠᠰᠤᠵᠢᠯᠲᠠ ᠶᠢᠨ ᠨᠣᠷᠮ᠎ᠠ | 94 . 28 % ᠳᠤ ᠬᠦᠷᠴᠦ᠂ ᠴᠡᠭᠡᠯ ᠠᠭᠤᠯᠠ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ | ᠶᠢᠨ ᠢᠷᠠᠭᠤ ᠠᠯᠳᠠᠷ ᠢ ᠭᠥᠷᠳᠡᠵᠦ᠂ 3 ᠵᠠᠰᠠᠭ ᠵᠠᠬᠢᠷᠭᠠᠨ ᠤ ᠲᠣᠰᠬᠤᠨ ᠥᠪᠡᠷᠲᠡᠭᠡᠨ ᠵᠠᠰᠠᠬᠤ ᠣᠷᠣᠨ ᠤ ᠲᠠᠰ | ᠤᠨ《 ᠡᠷᠡᠭᠦᠯ ᠬᠠᠮᠠᠭᠠᠯᠠᠯ ᠤᠨ ᠲᠣᠰᠬᠤᠨ 》 ᠢᠶᠠᠷ ᠦᠨᠡᠯᠡᠭᠳᠡᠪᠡ᠃ | ᠲᠠᠪᠤᠨ ᠵᠢᠯ ᠤᠨ ᠲᠤᠷᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠪᠡ᠃ 《 ᠪᠠᠭᠤᠯᠭᠠᠬᠤ ᠬᠠᠮᠢᠶᠠᠷᠬᠤ ᠤᠶᠢᠯᠡᠴᠢᠯᠡᠬᠦ 》ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠂ ᠡᠯ᠎ᠡ ᠲᠦᠷᠦᠯ ᠤᠨ ᠬᠢᠨᠠᠨ ᠵᠥᠪᠰᠢᠶᠡᠷᠡᠬᠦ ᠵᠢᠷᠤᠮ ᠢ ᠶᠡᠭᠡ ᠪᠠᠷ ᠴᠣᠮᠬᠠᠳᠬᠠᠵᠤ᠂ ᠠᠵᠤ | ᠠᠬᠤᠶᠢᠯᠠᠯ ᠢ ᠳᠠᠩᠰᠠᠯᠠᠭᠤᠯᠤᠨ ᠪᠠᠶᠢᠭᠤᠯᠬᠤ ᠲᠤᠬᠠᠢ ᠶᠢᠨ ᠡᠳᠦᠷ ᠲᠤᠨᠢ ᠰᠢᠢᠳᠪᠦᠷᠢᠯᠡᠨ ᠳᠠᠭᠤᠰᠬᠠᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠨᠡᠶᠢᠲᠡ 1 . 47 ᠲᠦᠮᠡ ᠨᠡᠮᠡᠭᠳᠡᠪᠡ᠃ ᠬᠢᠨᠠᠨ ᠵᠥᠪᠰᠢᠶᠡᠷᠡᠬᠦ ᠠᠮᠠᠯᠠᠯᠲᠠ ᠶᠢᠨ | ᠲᠦᠷᠢᠮ ᠪᠠ ᠳᠤᠲᠠᠭᠤᠳᠠᠯ ᠢ ᠪᠠᠭᠲᠠᠭᠠᠬᠤ ᠲᠣᠭᠲᠠᠴᠠ ᠶᠢ ᠬᠡᠷᠡᠭᠵᠢᠭᠦᠯᠬᠦ ᠶᠢ ᠠᠬᠢᠭᠤᠯᠵᠤ᠂ ᠣᠨᠴᠠᠭᠠᠢ ᠴᠢᠬᠤᠯᠠ | ᠶᠡᠭᠡ ᠵᠦᠢᠯᠡᠰ ᠢ ᠬᠢᠨᠠᠨ ᠵᠥᠪᠰᠢᠶᠡᠷᠡᠬᠦ ᠳᠤ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠵᠠᠢ᠃《ᠭᠤᠷᠪᠠ ᠶᠢ | ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ 》 ᠶᠢ ᠨᠠᠶᠢᠳᠠᠪᠤᠷᠢᠵᠢᠭᠤᠯᠵᠤ᠂ 429 ᠵᠦᠢᠯ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠲᠥᠪᠯᠡᠷᠡᠭᠦᠯᠦᠨ ᠰᠢᠢᠳᠪᠦᠷᠢᠯᠡᠵᠦ᠂ 411 ᠵᠦᠢᠯ ᠢ | ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠪᠠᠲᠤᠯᠠᠭ᠎ᠠ | ᠶᠢᠨ ᠴᠢᠳᠠᠪᠤᠷᠢ ᠴᠢᠩᠭᠠᠷᠠᠵᠤ᠂ ᠦᠢᠯᠡᠳᠪᠦᠷᠢᠯᠡᠯ ᠤᠨ ᠤᠰᠤ ᠬᠡᠷᠡᠭᠯᠡᠬᠦ ᠪᠠᠲᠤᠯᠠᠭ᠎ᠠ ᠶᠢᠨ ᠴᠢᠳᠠᠪᠤᠷᠢ 1500 | ᠲᠦᠮᠡᠨ ᠲᠣᠨ ᠳᠤ ᠬᠦᠷᠴᠦ᠂ ᠬᠦᠴᠦᠳᠡᠯ ᠥᠭᠡᠷᠡᠴᠢᠯᠡᠬᠦ ᠥᠷᠲᠡᠭᠡ 6 ᠰᠠᠭᠤᠷᠢ ᠪᠣᠯᠤᠨ ᠨᠡᠮᠡᠭᠳᠡᠵᠦ᠂ ᠪᠣᠬᠢᠷ ᠤᠰᠤ | ᠶᠢ ᠡᠳᠦᠷ ᠲᠤ ᠰᠢᠢᠳᠪᠦᠷᠢᠯᠡᠬᠦ ᠴᠢᠳᠠᠪᠤᠷᠢ 1 ᠲᠦᠮᠡᠨ ᠲᠣᠨ ᠳᠤ ᠬᠦᠷᠴᠦ᠂ ᠤᠯᠤᠰ ᠤᠨ ᠲᠡᠰ ᠤᠨ ᠪᠣᠬᠢᠷᠲᠤᠯ | ᠦᠭᠡᠢ ᠬᠦᠷᠢᠶᠡᠯᠡᠩ ᠲᠣᠭᠤᠷᠢᠭ ᠤᠨ ᠳᠠᠬᠢᠨ ᠬᠢᠨᠠᠯᠲᠠ ᠪᠠ ᠬᠦᠷᠢᠶᠡᠯᠡᠩ ᠲᠣᠭᠤᠷᠢᠭ ᠤᠨ ᠣᠷᠴᠢᠯ ᠥᠭᠡᠷᠡᠴᠢᠯᠡᠯᠲᠡ | ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠰᠢᠯᠭᠠᠨ ᠠᠪᠤᠯᠲᠠ ᠳᠤ ᠤᠷᠤᠭᠰᠢᠲᠠᠢ ᠬᠢᠷᠢ ᠲᠡᠩᠴᠡᠪᠡ᠃ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠶᠯ ᠢ ᠨᠡᠶᠢᠲᠡ 50 ᠭᠠᠷᠤᠶ ᠬᠡᠷᠡᠭᠵᠢᠭᠦᠯᠵᠦ᠂ 2900 ᠭᠠᠷᠤᠶ ᠲᠦᠮᠡᠨ | ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠣᠯᠵᠤ᠂ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 17 ᠪᠣᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ 10 ᠪᠣᠯᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ ᠣᠯᠠᠨ ᠢᠶᠠᠷ ᠢᠶᠠᠨ ᠡᠭᠦᠳᠬᠦ ᠣᠷᠣᠨ ᠵᠠᠶ | 3 ᠪᠣᠯᠵᠠᠶ᠃ ᠪᠥᠬᠦ ᠤᠯᠤᠰ ᠤᠨ ᠠᠩᠬᠠᠳᠠᠭᠴᠢ 《 ᠪᠣᠬᠢᠷᠲᠤᠯ ᠥᠬᠡᠶ ᠲᠣᠭᠲᠠᠮᠠᠯ ᠰᠣᠷᠢᠨᠵᠢᠨ ᠳᠠᠮᠵᠢᠭᠤᠯᠭ᠎ᠠ ᠶᠢᠨ | ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 》 ᠪᠣᠯᠤᠨ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠪᠠᠷ ᠲᠡᠷᠢᠭᠦᠨ ᠲᠤᠰᠬᠠᠶ ᠮᠡᠷᠭᠡᠵᠢᠯᠲᠡᠨ | ᠪᠣᠯᠭᠠᠭᠰᠠᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠪᠠᠶᠢᠭᠤᠯᠤᠭᠳᠠᠪᠠ᠃ | ᠲᠠᠪᠤᠨ ᠵᠢᠯ ᠤᠨ ᠲᠤᠷᠰᠢ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠪᠠ᠃ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠠᠪᠤᠨ ᠵᠢᠯ ᠳᠠᠷᠠᠭᠠᠯᠠᠨ ᠠᠷᠠᠳ ᠤᠨ | ᠠᠮᠢᠳᠤᠷᠠᠯ ᠤᠨ ᠣᠷᠣᠭᠤᠯᠤᠯᠲᠠ ᠶᠢᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠳᠠᠬᠢ ᠬᠠᠷᠢᠴᠠᠯ 77 % ᠢ | ᠳᠠᠪᠠᠪᠠ᠃ ᠬᠤᠲᠠ ᠪᠠᠯᠭᠠᠰᠤᠨ ᠤ ᠠᠵᠢᠯ ᠣᠯᠤᠭᠰᠠᠳ ᠵᠢᠯ ᠪᠦᠷᠢ ᠳᠤᠮᠳᠠᠴᠢ ᠪᠠᠷ 2700 ᠬᠥᠮᠦᠨ ᠰᠢᠨ᠎ᠡ ᠪᠠᠷ | ᠨᠡᠮᠡᠭᠳᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠪᠣᠯᠤᠨ ᠪᠠᠶᠢᠴᠠᠭᠠᠭᠰᠠᠨ | ᠠᠵᠢᠯ ᠠᠯᠳᠠᠯᠲᠠ ᠶᠢᠨ ᠨᠣᠷᠮ᠎ᠠ ᠶᠡᠷᠦᠨᠢ ᠬᠢᠵᠠᠭᠠᠷᠯᠠᠭᠰᠠᠨ ᠭᠦᠢᠴᠡᠳᠬᠡᠬᠦ ᠲᠤᠭ᠎ᠠ ᠠᠴᠠ ᠳᠣᠣᠷ᠎ᠠ ᠪᠠᠶᠢᠭᠰᠠᠭᠠᠷ ᠢᠷᠡᠪᠡ᠃ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠵᠢᠯ ᠳᠠᠷᠠᠭᠠᠯᠠᠨ ᠨᠡᠮᠡᠭᠳᠡᠵᠦ᠂ ᠡᠯ᠎ᠡ ᠲᠥᠷᠥᠯ ᠤᠨ | ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ ᠲᠤᠭ᠎ᠠ ᠶᠣᠰᠣᠭᠠᠷ ᠭᠦᠢᠴᠡᠳ ᠲᠠᠷᠬᠠᠭᠠᠵᠤ᠂ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠭᠡᠷᠡᠴᠢᠯᠡᠯᠲᠡ | ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠵᠠᠰᠠᠭ | ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠠᠯᠬᠤᠮ ᠠᠯᠬᠤᠮ ᠢᠶᠠᠷ ᠪᠠᠭᠤᠷᠠᠵᠤ᠂ ᠬᠦᠨᠳᠦ ᠣᠨᠴᠠ ᠶᠡᠭᠡ | ᠠᠮᠤᠷ ᠲᠦᠪᠰᠢᠨ ᠤ ᠠᠳᠡᠯ ᠡᠭᠦᠰᠬᠦ ᠨᠣᠷᠮ᠎ᠠ ᠦᠷᠭᠦᠯᠵᠢᠯᠡᠨ ᠲᠡᠭ ᠪᠣᠯᠵᠣ᠂ ᠨᠢᠭᠡ ᠪᠦᠯᠦᠭ ᠵᠠᠬᠢᠳᠠᠯ ᠰᠤᠷᠪᠤᠯᠵᠢᠯᠠᠯ | ᠤᠨ ᠳᠠᠷᠤᠭᠳᠠᠮᠠᠯ ᠬᠡᠷᠡᠭ ᠢ ᠲᠣᠬᠢᠲᠠᠶ ᠰᠢᠶᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠵᠢᠷᠭᠠᠯᠲᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠯᠠᠪᠳᠠᠭᠤᠨ ᠢᠶᠠᠷ ᠳᠡᠭᠡᠭᠰᠢᠯᠡᠪᠡ᠃ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ | ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠷᠤᠭᠰᠢᠲᠠᠶ | ᠶᠠᠪᠤᠭᠳᠠᠪᠠ᠃ 8 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 95 . 5 % ᠳᠤ ᠬᠦᠷᠭᠡᠵᠦ᠂ 2 ᠵᠢᠯ ᠤᠷᠢᠳᠴᠢᠯᠠᠨ | ᠤᠯᠤᠰ ᠤᠨ ᠪᠠᠷᠢᠮᠵᠢᠶ᠎ᠠ ᠳᠤ ᠬᠦᠷᠭᠡᠨ᠎ᠡ᠃ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠵᠢᠴᠢ ᠬᠠᠷᠢᠶᠠᠲᠤ ᠠᠰᠠᠷ | ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ | ᠤ ᠲᠥᠪ ᠪᠠᠯᠭᠠᠰᠤ ᠪᠠ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ ᠱᠠᠲᠤ ᠬᠤᠪᠢᠶᠠᠨ | ᠣᠨᠣᠰᠢᠯᠠᠨ ᠡᠮᠨᠡᠬᠦ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠤᠭᠤᠷᠢᠭ ᠤᠨ ᠬᠠᠷᠢᠶ᠎ᠠ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠯᠠᠨ ᠲᠦᠮᠡᠨ ᠤ ᠮᠡᠳᠡᠷᠡᠬᠦ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠤᠷᠢᠳ ᠬᠤᠵᠢᠳ ᠡᠭᠦᠳᠦᠨ ᠪᠠᠶᠢᠭᠤᠯᠤᠭᠠᠳ | ᠠᠮᠵᠢᠯᠲᠠ ᠤᠯᠪᠠ᠃ ᠬᠠᠶᠢᠷᠤᠪ ᠤᠨ ᠲᠤᠬᠤᠢ ᠶᠢᠨ ᠤᠯᠠᠭᠠᠨᠮᠥ᠋ᠴᠢᠷ ᠢ ᠪᠠᠶᠢᠭᠤᠯᠵᠤ᠂ ᠬᠥᠮᠦᠨ ᠳᠤᠮᠳᠠᠴᠢ ᠶᠢᠨ ᠪᠡᠶ᠎ᠡ | ᠶᠢᠨ ᠲᠠᠮᠢᠷ ᠤᠨ ᠲᠠᠯᠠᠪᠠᠢ ᠤᠯᠤᠰ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ 《 ᠠᠷᠪᠠᠨ ᠭᠤᠷᠪᠠᠳᠤᠭᠠᠷ ᠲᠠᠪᠤᠨ | ᠵᠢᠯ 》 ᠤᠨ ᠲᠥᠯᠥᠪᠵᠢᠭᠦᠯᠭᠡ ᠶᠢᠨ ᠬᠠᠷᠠᠯᠲᠠ ᠠᠴᠠ ᠳᠠᠪᠠᠵᠤ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠨᠡᠩ | ᠴᠡᠴᠡᠭᠯᠡᠨ ᠬᠥᠭᠵᠢᠪᠡ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠡᠮᠦᠨ᠎ᠡ ᠡᠷᠡᠯᠬᠡᠭ ᠵᠣᠷᠢᠭ ᠢᠶᠠᠨ ᠢᠯᠡᠷᠡᠭᠦᠯᠵᠦ᠂ | ᠬᠠᠲᠠᠭᠤᠵᠢᠨ ᠪᠣᠯᠪᠠᠰᠤᠷᠠᠭᠠᠳ ᠠᠮᠵᠢᠯᠲᠠ ᠣᠯᠵᠠᠶ᠃ ᠲᠤᠶᠢᠯ ᠤᠨ ᠶᠡᠷᠦ ᠪᠤᠰᠤ ᠶᠢᠨ ᠲᠠᠪᠤᠨ ᠵᠢᠯ ᠢ ᠡᠷᠬᠢᠴᠡᠭᠦᠯᠤᠨ᠂ | ᠪᠢᠳᠡ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠨᠢᠭᠡ ᠪᠦᠯᠦᠭ ᠲᠡᠦᠬᠡᠨ | ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠵᠦ᠂ ᠨᠢᠭᠡ ᠪᠦᠯᠦᠭ | ᠠᠯᠤᠰ ᠬᠡᠲᠦ ᠳᠤ ᠠᠰᠢᠭᠲᠠᠶ ᠰᠠᠭᠤᠷᠢ ᠪᠥᠲᠥᠭᠡᠨ ᠪᠠᠶᠢᠭᠤᠯᠬᠤ ᠲᠥᠷᠥᠯ ᠵᠦᠶᠯ ᠢ ᠨᠠᠷᠢᠯᠢᠭ ᠣᠨᠣᠪᠴᠢᠲᠠᠶ | ᠲᠥᠯᠥᠪᠵᠢᠭᠦᠯᠦᠨ ᠬᠡᠷᠡᠭᠵᠢᠭᠦᠯᠵᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ | ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠳᠡᠯᠪᠢᠨ ᠪᠦᠲᠦᠭᠡᠵᠡᠶ᠂ ᠡᠨᠡ ᠪᠣᠯ ᠬᠤᠲᠠ ᠶᠢᠨ ᠨᠠᠮ ᠤᠨ ᠬᠤᠷᠢᠶ᠎ᠠ | ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢᠳᠦ ᠵᠠᠭᠤᠨ | ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ | ᠤ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠲᠠᠪᠤᠨ ᠵᠢᠯ ᠤᠨ ᠬᠠᠲᠠᠭᠤᠵᠢᠯᠲᠠᠶ ᠴᠢᠷᠮᠠᠶᠢᠯᠭ᠎ᠠ᠂ ᠠᠮᠵᠢᠯᠲᠠ | ᠪᠦᠲᠦᠮᠵᠢ ᠣᠯᠤᠭᠰᠠᠨ ᠪᠥᠭᠡᠳ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠪᠠᠭᠴᠠᠯᠠᠭᠠᠳ | ᠬᠡᠯᠡᠪᠡᠯ ᠭᠤᠣᠯᠳᠠᠭᠤ᠄ | ᠡᠷᠬᠡᠪᠰᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ | ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠤᠮᠳᠠ ᠠᠴᠠ ᠨᠢ ᠴᠢᠭᠯᠡᠯ | ᠡᠷᠢᠵᠦ᠂ ᠠᠷᠭ᠎ᠠ ᠡᠷᠢᠵᠦ᠂ ᠬᠠᠷᠢᠭᠤᠯᠲᠠ ᠡᠷᠢᠵᠦ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ᠃ | ᠡᠷᠬᠡᠪᠰᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠬᠠᠤᠯᠢᠵᠢᠯ ᠤᠨ | ᠤᠬᠠᠮᠰᠠᠷ ᠢ ᠪᠠᠲᠤ ᠪᠤᠢ ᠪᠣᠯᠭᠠᠵᠤ᠂ ᠬᠠᠤᠯᠢᠵᠢᠯ ᠤᠨ ᠰᠡᠳᠬᠢᠬᠦᠢ ᠪᠠᠨ ᠴᠢᠩᠭᠠᠳᠬᠠᠵᠤ᠂ ᠠᠶᠤᠯ ᠲᠦᠭᠰᠢᠭᠦᠷᠢ | ᠥᠷᠢᠰᠥᠯᠳᠦᠭᠡᠨ ᠢ ᠬᠠᠤᠯᠢ ᠶᠣᠰᠣᠭᠠᠷ ᠠᠷᠭᠠᠴᠠᠭᠠᠵᠤ᠂ | ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠰᠠᠶᠢᠨ | ᠬᠠᠤᠯᠢ ᠪᠠᠷ ᠰᠠᠶᠢᠲᠤᠷ ᠵᠠᠰᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠬᠤ ᠬᠡᠷᠡᠭᠲᠡᠢ᠃ | ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠤ ᠠᠰᠢᠭ | ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠬᠡ ᠠᠰᠢᠭ ᠢ ᠪᠠᠲᠤᠯᠠᠬᠤ᠂ ᠠᠷᠠᠳ ᠲᠦᠮᠡᠨ | ᠤ ᠰᠠᠨᠠᠭᠠᠨ ᠳᠤ ᠨᠡᠶᠢᠴᠡᠭᠦᠯᠬᠦ ᠪᠠᠷ ᠴᠢᠷᠮᠠᠶᠢᠬᠤ ᠡᠭᠦᠳᠡᠨ ᠠᠴᠠ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠵᠦ ᠂ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠶᠢᠯᠡᠳᠤᠯᠭᠡᠵᠢᠭᠦᠯᠬᠦ | ᠬᠡᠷᠡᠭᠲᠡᠢ᠃ | ᠡᠷᠬᠡᠪᠰᠢ ᠬᠦᠴᠢᠷ ᠢ ᠰᠦᠷᠦᠨ ᠤᠷᠤᠭᠰᠢᠯᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠪᠤᠳᠤᠯᠢᠶᠠᠨᠲᠠᠢ | ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠵᠤ᠂ ᠲᠡᠦᠬᠡ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ | ᠡᠭᠦᠷᠭᠡᠯᠡᠵᠦ᠂ ᠰᠢᠨᠵᠢᠯᠡᠬᠦ ᠤᠬᠠᠭᠠᠨᠴᠢ ᠠᠷᠭ᠎ᠠ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠪᠠᠷ ᠠᠰᠠᠭᠤᠳᠠᠯ ᠢ | ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠠᠵᠢᠯ ᠬᠢᠵᠦ | ᠦᠢᠯᠡᠰ ᠪᠤᠰᠬᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠶ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠰᠠᠨᠠᠭᠠᠰᠢᠷᠠᠨ | ᠵᠣᠪᠠᠨᠢᠬᠤ ᠰᠡᠳᠬᠢᠯᠭᠡ ᠶᠢ ᠢᠮᠠᠭᠲᠠ ᠡᠪᠦᠷᠯᠡᠵᠦ᠂ ᠰᠢᠳᠠᠷ᠎ᠠ ᠪᠠᠨ ᠰᠠᠶᠢᠲᠤᠷ ᠲᠠᠯᠪᠢᠵᠤ᠂ ᠠᠮᠤᠷ ᠲᠦᠪᠰᠢᠨ | ᠲᠣᠭᠲᠠᠭᠤᠨ ᠤ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠮᠢ ᠠᠬᠤᠢ ᠶᠢᠨ ᠠᠮᠤᠷ ᠲᠦᠪᠰᠢᠨ ᠤ | ᠤᠯᠠᠭᠠᠨ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ | ᠲᠥᠯᠥᠭᠡᠯᠡᠭᠴᠢᠳ ᠡ᠂ ᠰᠠᠶᠢᠬᠠᠨ ᠥᠩᠭᠡᠷᠡᠭᠰᠡᠨ 2020 ᠣᠨ ᠳᠤ᠂ ᠪᠢᠳᠡ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠳᠡᠪᠬᠢᠲᠡᠶ ᠰᠡᠷᠭᠡᠶᠢᠯᠡᠨ ᠡᠵᠡᠮᠳᠡᠵᠦ᠂ ᠠᠵᠤ ᠠᠬᠤᠶ ᠨᠡᠶᠢᠭᠡᠮ | ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂《 ᠵᠢᠷᠭᠤᠭ᠎ᠠ ᠶᠢ | ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》 ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ | ᠂ ᠬᠢᠵᠢᠭ ᠤᠨ ᠪᠠᠶᠢᠳᠠᠯ ᠤᠨ ᠨᠥᠯᠥᠭᠡ ᠶᠢ ᠪᠥᠬᠦ ᠬᠦᠴᠦᠨ ᠢᠶᠠᠷ ᠢᠶᠠᠨ ᠪᠠᠭᠠᠰᠬᠠᠵᠤ᠂ ᠠᠵᠤ ᠠᠬᠤᠶ ᠶᠢᠨ | ᠠᠵᠢᠯᠯᠠᠭᠠᠨ ᠤ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠷᠪᠠᠳᠤᠭᠠᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠵᠦᠶᠯ ᠤᠨ | ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 261 . 57 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6 . 9 % ᠪᠠᠷ ᠨᠡᠮᠡᠭᠳᠡᠪᠡ᠃ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 74 . 23 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0 . 6 % | ᠨᠡᠮᠡᠭᠳᠡᠪᠡ; ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 23 . 7 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ 16 . 19 % ᠨᠡᠮᠡᠭᠳᠡᠪᠡ᠃ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠪᠦᠬᠦ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ | ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠦᠴᠦᠲᠡᠶ ᠪᠥᠭᠡᠳ ᠡᠮᠬᠢ ᠵᠢᠷᠤᠮ ᠲᠠᠢ | ᠪᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠡᠯ᠎ᠡ | ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ | ᠶᠢᠨ ᠪᠣᠳᠠᠲᠠᠶ ᠲᠣᠬᠢᠷᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠡᠷᠲᠡ ᠢᠯᠡᠷᠡᠭᠦᠯᠬᠦ᠂ | ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ 》 ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠪᠣᠯᠤᠨ ᠪᠣᠶ ᠪᠥᠬᠦᠶ ᠣᠷᠣᠨ ᠰᠠᠭᠤᠴᠠ ᠶᠢᠨ | ᠲᠣᠭᠤᠷᠢᠭ ᠲᠤ 24 ᠴᠠᠭ ᠢᠶᠠᠷ ᠵᠢᠵᠢᠭᠦᠷᠯᠡᠨ ᠰᠠᠬᠢᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠭᠤᠤᠯᠳᠠᠯᠭ᠎ᠠ | ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ 329 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ᠂ 1700 | ᠭᠠᠷᠤᠶ ᠲᠦᠮᠡᠨ ᠲᠥᠭᠦᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠪᠠᠲᠤᠯᠠᠵᠤ᠂ ᠣᠯᠠᠨ | ᠲᠦᠮᠡᠨ ᠳᠤ ᠲᠦᠰᠢᠭᠯᠡᠨ ᠠᠮᠢ ᠨᠠᠰᠤᠨ ᠤ ᠡᠷᠡᠭᠦᠯ ᠮᠡᠨᠳᠦ ᠶᠢᠨ 《 ᠬᠠᠮᠠᠭᠠᠯᠠᠯᠲᠠ ᠶᠢᠨ ᠲᠣᠤᠷ 》 ᠢ ᠨᠢᠭᠲᠠ | ᠰᠦᠯᠵᠢᠪᠡ᠃ 2 ᠣᠨᠣᠰᠢᠯᠠᠭᠰᠠᠨ ᠡᠪᠡᠳᠴᠢᠨ ᠤ ᠵᠢᠱᠢᠶ᠎ᠡ ᠡᠳᠡᠭᠡᠷᠡᠭᠰᠡᠨ ᠤ ᠲᠠᠷᠠᠭ᠎ᠠ᠂ ᠴᠠᠭ ᠪᠠ ᠪᠠᠶᠢᠳᠠᠯ ᠳᠤ | ᠲᠤᠬᠢᠷᠠᠭᠤᠯᠤᠨ ᠰᠡᠷᠭᠡᠶᠢᠯᠡᠨ ᠡᠵᠡᠮᠳᠡᠬᠦ ᠲᠡᠰ ᠲᠤ ᠲᠤᠬᠢᠷᠠᠭᠤᠯᠤᠯᠳᠠ ᠬᠢᠵᠦ᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠰᠤᠷᠭᠠᠭᠤᠯᠢ ᠪᠠ ᠵᠠᠬ᠎ᠠ | ᠳᠡᠯᠭᠡᠭᠦᠷ ᠤᠨ ᠬᠢᠴᠢᠶᠡᠯ ᠰᠡᠷᠭᠦᠭᠡᠬᠦ ᠵᠠᠬ᠎ᠠ ᠳᠡᠯᠭᠡᠭᠦᠷ ᠢ ᠰᠡᠷᠭᠦᠭᠡᠬᠦ ᠶᠢ ᠱᠠᠳᠤ ᠳᠠᠷᠠᠭᠠᠯᠠᠨ ᠠᠬᠢᠭᠤᠯᠵᠤ᠂ ᠠᠵᠤ | ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠮᠢᠳᠤᠷᠠᠯ ᠤᠨ ᠡᠮᠬᠢ ᠳᠢᠭᠯᠢᠮ ᠢ ᠬᠠᠮᠤᠭ ᠤᠨ ᠣᠬᠤᠷ ᠬᠤᠭᠤᠴᠠᠭᠠᠨ | ᠳᠤ ᠰᠡᠷᠭᠦᠭᠡᠪᠡ᠃ ᠡᠭᠦᠨ ᠤ ᠬᠠᠮᠲᠤ᠂ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ | ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ 》 ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ | ᠭᠤᠤᠯᠳᠠᠯᠭ᠎ᠠ ᠲᠠᠢ ᠬᠥᠮᠦᠰ ᠤᠨ ᠸᠠᠺᠼᠢᠨ ᠤ ᠲᠠᠷᠢᠯᠭ᠎ᠠ ᠬᠢᠵᠦ᠂ ᠣᠲᠣ ᠪᠣᠯᠲᠠᠯ᠎ᠠ ᠣᠨᠣᠰᠢᠯᠠᠭᠰᠠᠨ ᠪᠠ ᠰᠡᠵᠢᠭᠯᠡᠯᠲᠡᠶ | ᠡᠪᠡᠳᠴᠢᠨ ᠤ ᠵᠢᠱᠢᠶ᠎ᠡ ᠶᠢᠨ 《 ᠨᠡᠮᠡᠭᠳᠡᠬᠦ ᠥᠬᠡᠶ 》 ᠪᠠᠶᠢᠬᠤ ᠶᠢ ᠪᠠᠲᠤᠯᠠᠪᠠ᠃ | ᠲᠥᠯᠥᠭᠡᠯᠡᠭᠴᠢᠳ ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠯ᠎ᠡ ᠱᠠᠲᠤᠨ | ᠤ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠠᠭᠤᠭᠠᠯᠢ | ᠠᠷᠠᠳ ᠤᠨ ᠲᠣᠭᠤᠷᠢᠭ ᠪᠣᠯᠤᠨ ᠬᠤᠷᠢᠭ᠎ᠠ ᠪᠣᠭᠤᠮᠲᠠ ᠶᠢ 24 ᠴᠠᠭ ᠪᠠᠲᠤ ᠰᠠᠬᠢᠪᠠ᠃ ᠡᠮᠴᠢ ᠰᠤᠪᠢᠯᠠᠭᠴᠢᠳ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ᠂ ᠰᠠᠶᠢᠨ ᠳᠤᠷᠠᠴᠤᠳ ᠬᠡᠷ | ᠣᠷᠣᠨ ᠢᠶᠠᠨ ᠬᠠᠶᠠᠵᠤ᠂ ᠰᠡᠷᠭᠡᠶᠢᠯᠡᠨ ᠡᠵᠡᠮᠳᠡᠬᠦ ᠪᠠ ᠠᠷᠢᠭᠤᠳᠬᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠪᠡ᠃ | ᠥᠷᠭᠡᠨ ᠣᠯᠠᠨ ᠲᠦᠮᠡᠨ ᠤᠬᠠᠮᠰᠠᠷ ᠠᠴᠠ ᠪᠠᠨ 《 ᠭᠡᠷ ᠲᠡᠭᠡᠨ ᠰᠠᠭᠤᠵᠤ 》᠂ ᠸᠢᠷᠦ᠋ᠰ ᠤᠨ ᠬᠠᠯᠳᠠᠪᠤᠷᠢᠯᠠᠬᠤ | ᠵᠠᠮ ᠢ ᠪᠦᠲᠦᠮᠵᠢᠲᠡᠶ ᠲᠠᠰᠤᠯᠠᠵᠠᠢ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠠᠷᠠᠮ ᠥᠬᠡᠶ ᠵᠣᠷᠢᠭᠤᠯᠵᠤ᠂ ᠡᠷᠡᠯᠬᠡᠭ | ᠪᠠᠭᠠᠲᠤᠷᠯᠢᠭ ᠢᠶᠠᠷ ᠵᠣᠷᠢᠭᠤᠯᠤᠭᠰᠠᠨ ᠪᠣᠶ ᠪᠥᠬᠦᠶ ᠨᠥᠬᠦᠳ᠂ ᠪᠥᠬᠦ ᠲᠤᠭᠤᠷᠢᠭ ᠤᠨ 31 ᠲᠦᠮᠡᠨ ᠠᠷᠠᠳ | ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠤᠶᠠᠷ ᠲᠤ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ | ᠥᠬᠡᠶ᠂ ᠡᠷᠴᠢᠮ ᠢ ᠰᠤᠯᠠᠷᠠᠭᠤᠯᠬᠤ ᠥᠬᠡᠶ᠂ ᠬᠠᠷᠢᠭᠤᠴᠠᠯᠭ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ | ᠰᠢᠯᠭᠠᠬᠤ ᠪᠠ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ 34 ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶᠯ ᠢ | 12 ᠰᠢᠨ᠎ᠡ ᠪᠠᠷ ᠨᠡᠮᠡᠭᠳᠡᠭᠦᠯᠵᠦ᠂ ᠠᠵᠤ ᠠᠬᠤᠶ ᠶᠢᠨ ᠣᠷᠣᠯᠭ᠎ᠠ ᠶᠢᠨ ᠶᠡᠷᠦᠩᠬᠡᠶ ᠲᠤᠭ᠎ᠠ 108 . 12 ᠲᠦᠮᠡᠨ | ᠲᠥᠭᠦᠷᠢᠭ ᠲᠤ ᠬᠦᠷᠴᠦ᠂ ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ ᠶᠢ ᠲᠡᠭ ᠪᠣᠯᠭᠠᠪᠠ᠃ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢᠨ 139 . 31 % ᠶᠢ ᠪᠡᠶᠡᠯᠡᠭᠦᠯᠵᠦ᠂ ᠥᠷᠢ | ᠥᠭᠴᠡᠭᠡ ᠶᠢᠨ ᠲᠦᠭᠰᠢᠭᠦᠷᠢ ᠶᠢᠨ ᠨᠣᠷᠮ᠎ᠠ ᠤᠯᠠᠮ ᠨᠢᠭᠡ ᠠᠯᠬᠤᠮ ᠪᠠᠭᠤᠷᠠᠪᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ 《 ᠡᠷᠬᠢᠨ ᠬᠠᠷᠠᠬᠤ 》 ᠳᠤ ᠦᠯᠡᠳᠡᠭᠡᠭᠰᠡᠨ ᠠᠰᠠᠭᠤᠳᠠᠯ ᠢ | ᠪᠦᠬᠦᠨ ᠢ ᠬᠦᠴᠦᠨ ᠥᠬᠡᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ 85 . 3 % ᠪᠠᠷ ᠴᠡᠭᠴᠡᠯᠡᠨ ᠰᠠᠶᠢᠵᠢᠷᠠᠭᠤᠯᠪᠠ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠢ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠳᠤ ᠵᠠᠰᠠᠪᠤᠷᠢ ᠣᠷᠣᠭᠤᠯᠵᠤ᠂ ᠠᠭᠠᠷ ᠮᠠᠨᠳᠠᠯ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ 65 ᠲᠦᠷᠦᠯ ᠵᠦᠢᠯ ᠢ ᠪᠡᠶᠡᠯᠡᠭᠦᠯᠵᠦ᠂ ᠮᠤᠷᠤᠢ ᠭᠤᠤᠯ᠂ | ᠲᠡᠮᠡᠭᠡᠲᠦ ᠠᠭᠤᠯᠠ ᠶᠢᠨ ᠠᠭᠤᠷᠬᠠᠢ ᠶᠢᠨ ᠣᠷᠣᠨ ᠤ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠬᠡᠰᠡᠭᠷᠡᠨ | ᠵᠠᠯᠭᠠᠯᠳᠤᠭᠰᠠᠨ ᠵᠠᠰᠠᠯᠲᠠ ᠶᠢᠨ ᠲᠦᠷᠦᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠵᠢᠩ ᠬᠠᠢ ᠢᠯᠴᠢ ᠶᠢᠨ | ᠴᠠᠬᠢᠯᠭᠠᠨ ᠤ ᠦᠢᠯᠡᠳᠪᠦᠷᠢ ᠶᠢᠨ ᠦᠨᠡᠰᠦ ᠭᠠᠳᠠᠭᠰᠢᠯᠠᠭᠤᠯᠬᠤ ᠦᠢᠯᠡᠳᠪᠦᠷᠢ ᠵᠢᠴᠢ ᠡᠷᠬᠢᠨ ᠲᠣᠭᠤᠷᠢᠨ ᠤ ᠡᠵᠡᠨ | ᠦᠭᠡᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠵᠠᠰᠠᠯᠲᠠ ᠶᠢᠨ ᠲᠦᠷᠦᠯ ᠵᠦᠢᠯ ᠱᠠᠳᠤᠴᠢ ᠴᠢᠨᠠᠷᠲᠠᠢ ᠦᠷ᠎ᠡ | ᠪᠦᠲᠦᠮᠵᠢ ᠣᠯᠵᠤ᠂ ᠠᠭᠤᠷᠬᠠᠢ ᠶᠢᠨ ᠣᠷᠣᠨ ᠤ ᠵᠠᠮ ᠢ 5 . 5 ᠺᠢᠯᠤᠮᠧᠳ᠋ᠷ ᠵᠠᠰᠠᠨ ᠰᠡᠷᠭᠦᠭᠡᠵᠦ᠂ 《 ᠲᠠᠷᠠᠬᠠᠢ | ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ 》 27 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠵᠢᠶᠠᠨ | ᠯᠦᠩ ᠵᠡᠷᠭᠡ 6 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ | ᠥᠩᠭᠡᠷᠡᠭᠦᠯᠵᠦ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 83 . 1 %᠃ | 《 ᠭᠤᠣᠯ ᠮᠥᠷᠡᠨ ᠤ ᠳᠠᠷᠤᠭ᠎ᠠ ᠶᠢᠨ ᠲᠦᠷᠢᠮ 》 ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤᠨ ᠤ ᠡᠬᠢ | ᠰᠤᠷᠪᠤᠯᠵᠢ ᠶᠢ ᠰᠢᠯᠢᠳᠡᠭᠵᠢᠭᠦᠯᠦᠨ ᠲᠤᠬᠢᠷᠠᠭᠤᠯᠬᠤ ᠶᠢ ᠲᠦᠷᠭᠡᠳᠬᠡᠵᠦ᠂ 6 ᠭᠤᠣᠯ ᠮᠥᠷᠡᠨ ᠨᠠᠭᠤᠷ ᠴᠥᠭᠦᠷᠥᠮ | ᠤᠨ ᠵᠠᠭᠠᠭ ᠬᠢᠵᠠᠭᠠᠷ ᠢ ᠲᠣᠭᠲᠠᠭᠠᠬᠤ ᠠᠵᠢᠯ ᠢ ᠳᠠᠭᠤᠰᠬᠠᠵᠤ᠂ ᠴᠢᠶᠠᠨ ᠯᠢ ᠭᠧᠤ ᠭᠤᠣᠯ ᠮᠥᠷᠡᠨ ᠢ ᠵᠠᠰᠠᠬᠤ | ᠢᠨᠵᠧᠨᠧᠷᠢᠩ ᠢ ᠳᠠᠭᠤᠰᠬᠠᠪᠠ᠃ ᠪᠥᠬᠦ ᠲᠤᠭᠤᠷᠢᠭ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ | ᠲᠣᠭᠲᠠᠭᠤᠨ ᠪᠠᠶᠢᠳᠠᠯ ᠢᠶᠠᠨ ᠪᠠᠲᠤᠯᠠᠪᠠ᠃ | ᠭᠤᠷᠪᠠ ᠳᠤ 《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》 ᠶᠢ | ᠯᠠᠪᠳᠠᠭᠤᠨ ᠪᠠᠲᠤᠲᠠᠶ ᠠᠬᠢᠭᠤᠯᠪᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠪᠠᠲᠤᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ 《 ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ | ᠶᠢ ᠲᠣᠭᠲᠠᠪᠤᠷᠢᠵᠢᠭᠤᠯᠬᠤ 》 ᠠᠵᠢᠯ ᠠᠯᠳᠠᠯᠲᠠ ᠶᠢᠨ ᠳᠠᠭᠠᠳᠬᠠᠯ ᠤᠨ ᠰᠦᠶᠳᠬᠡᠯ ᠢ 778 . 91 ᠲᠦᠮᠡᠨ | ᠲᠥᠭᠦᠷᠢᠭ ᠪᠤᠴᠠᠭᠠᠨ ᠥᠭᠴᠦ᠂ 8880 ᠲᠦᠮᠡᠨ ᠲᠥᠭᠦᠷᠢᠭ ᠤᠨ ᠦᠶᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠭᠡ ᠲᠠᠯᠪᠢᠵᠤ᠂ 2400 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 . 25 % ᠪᠠᠷ ᠬᠢᠵᠠᠭᠠᠷᠯᠠᠪᠠ᠃ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠰᠡᠳᠬᠢᠯ ᠪᠥᠬᠦ ᠬᠦᠴᠦᠨ ᠢᠶᠠᠷ ᠢᠶᠠᠨ | ᠬᠠᠪᠰᠤᠷᠤᠨ ᠲᠡᠳᠬᠦᠵᠦ᠂ ᠪᠥᠬᠦ ᠵᠢᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 21 . 4 % ᠶᠢᠨ | ᠥᠨᠳᠥᠷ ᠨᠡᠮᠡᠭᠳᠡᠯ ᠢ ᠪᠡᠶᠡᠯᠡᠭᠦᠯᠪᠡ᠃ ᠵᠢᠶᠠᠨ ᠯᠦᠩ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠸᠠᠨ ᠲᠧᠩ | ᠪᠤᠯᠤᠳ ᠤᠨ ᠭᠠᠷᠤᠯᠲᠠ 230 ᠲᠦᠮᠡᠨ ᠲᠣᠨ ᠳᠤ ᠬᠦᠷᠴᠦ᠂ ᠵᠢᠶᠠᠨ ᠯᠦᠩ ᠰᠠᠢ ᠰᠧ ᠫᠦ᠋ ᠶᠢᠨ ᠥᠨᠳᠥᠷ ᠴᠡᠪᠡᠷ | ᠴᠢᠳᠬᠤᠬᠤ ᠲᠦᠷᠦᠯ ᠵᠦᠢᠯ ᠢ ᠲᠤᠷᠰᠢᠨ ᠦᠢᠯᠡᠳᠪᠦᠷᠢᠯᠡᠵᠦ᠂ ᠱᠠᠨᠰᠢ ᠶᠢᠨ ᠮᠠᠰᠢᠨ ᠲᠡᠷᠭᠡᠨ ᠤ ᠲᠤᠰᠬᠠᠢ ᠮᠠᠰᠢᠨ | ᠲᠡᠷᠭᠡᠨ ᠤ ᠵᠢᠯ ᠤᠨ ᠭᠠᠷᠤᠯᠲᠠ ᠲᠦᠮᠡᠨ ᠰᠠᠤᠷᠢ ᠶᠢ ᠳᠠᠪᠠᠵᠤ᠂ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠪᠤᠤ ᠡᠦ ᠶᠢᠨ | ᠵᠡᠭᠦᠦ ᠬᠡᠯᠪᠡᠷᠢᠲᠦ ᠬᠡᠦᠷᠰᠦ᠂ ᠪᠦ᠋ᠦ ᠵᠢᠶᠧ ᠰᠢᠨ᠎ᠡ ᠡᠨᠧᠷᠭᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ | ᠵᠦᠢᠯ ᠤᠳᠠᠯ ᠦᠭᠡᠢ ᠠᠰᠢᠭᠯᠠᠯᠲᠠ ᠳᠤ ᠣᠷᠣᠵᠤ᠂ ᠦᠬᠠᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ | ᠦᠷᠲᠡᠭᠡ ᠵᠡᠷᠭᠡ ᠲᠦᠷᠦᠯ ᠵᠦᠢᠯ ᠲᠣᠭᠲᠠᠭᠤᠨ ᠢᠶᠠᠷ ᠠᠬᠢᠪᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠲᠣᠭᠲᠠᠭᠤᠨ ᠪᠠᠶᠢᠵᠤ᠂ ᠸᠠᠨ ᠳ᠋ᠠ ᠠᠭᠤᠳᠠᠮ ᠲᠠᠯᠠᠪᠠᠢ ᠶᠢ ᠪᠦᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᡁᠢ ᠾᠧ | ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ | ᠶᠢᠨ ᠦᠯᠡᠳᠡᠪᠦᠷᠢ ᠲᠣᠰᠪᠣᠷᠢ 640 . 77 ᠳ᠋ᠦᠩᠰᠢᠭᠤᠷ ᠲᠥᠭᠦᠷᠢᠭ ᠪᠠ 457 . 71 ᠳ᠋ᠦᠩᠰᠢᠭᠤᠷ ᠲᠥᠭᠦᠷᠢᠭ | ᠲᠤ ᠬᠦᠷᠴᠦ᠂ ᠪᠦᠬᠦ ᠵᠢᠯ ᠳᠤ ᠵᠤᠭᠠᠴᠠᠭᠰᠠᠳ ᠢ 69 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ 2100 | ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠬᠦᠴᠦᠨ | ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠲᠤᠨ ᠭᠤᠣᠯ ᠤᠨ | ᠤᠰᠤᠨ ᠤ ᠡᠷᠬᠡ ᠶᠢ 480 ᠲᠦᠮᠡᠨ ᠲᠣᠨ ᠰᠢᠨ᠎ᠡ ᠪᠠᠷ ᠴᠢᠷᠮᠠᠶᠢᠨ ᠣᠯᠵᠤ᠂ ᠠᠮᠢ ᠠᠬᠤᠶ ᠶᠢᠨ 110 ᠺᠢᠯᠣᠸᠠᠲ | ᠤᠨ ᠴᠠᠬᠢᠯᠭᠠᠨ ᠬᠤᠪᠢᠰᠬᠠᠬᠤ ᠥᠷᠲᠡᠭᠡ ᠶᠢ ᠪᠠᠶᠢᠭᠤᠯᠵᠤ ᠳᠠᠭᠤᠰᠬᠠᠨ ᠴᠠᠬᠢᠯᠭᠠᠨ ᠬᠦᠷᠭᠡᠵᠦ᠂ 2 ᠲᠦᠮᠡᠨ ᠲᠣᠨ | ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢ ᠲᠦᠷᠭᠡᠳᠬᠡᠨ ᠠᠬᠢᠭᠤᠯᠵᠤ᠂ ᠢᠵᠢ ᠪᠦᠷᠢᠳᠦᠭᠦᠯᠬᠦ ᠬᠤᠭᠤᠯᠠᠶ ᠶᠢᠨ | ᠲᠣᠣᠷ ᠢ 10 ᠺᠢᠯᠤᠮᠧᠲᠷ ᠳᠡᠪᠢᠰᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠥᠬᠦ ᠬᠦᠴᠦᠨ ᠢᠶᠠᠷ | ᠲᠣᠭᠲᠠᠪᠤᠷᠢᠵᠢᠭᠤᠯᠵᠤ᠂ ᠬᠡᠷᠡᠭᠯᠡᠭᠡ ᠶᠢᠨ ᠨᠡᠮᠡᠭᠳᠡᠯ ᠢ ᠦᠷᠭᠦᠯᠵᠢᠯᠡᠨ ᠳᠠᠶᠢᠴᠢᠯᠠᠵᠤ᠂ ᠰᠢᠩ ᠪᠠ ᠺᠧ᠂ ᠬᠤ᠋ ᠲᠤᠤ ᠯᠢ | ᠵᠡᠷᠭᠡ ᠨᠠᠷᠠᠲᠤ ᠲᠥᠷᠥᠯ ᠲᠡᠮᠳᠡᠭᠲᠦ ᠶᠢᠨ ᠲᠦᠷᠦᠭᠦᠦ ᠳᠡᠯᠭᠡᠭᠦᠷ ᠠᠵᠢᠯ ᠡᠬᠢᠯᠡᠵᠦ᠂ ᠬᠠᠶ ᠳ᠋ᠢ ᠯᠣᠤ᠂ ᠡᠷᠳᠡᠨᠢ ᠵᠡᠷᠭᠡ | ᠭᠡᠷ᠎ᠡ ᠲᠣᠭᠲᠠᠵᠤ ᠣᠷᠣᠵᠤ ᠰᠠᠭᠤᠨ᠂ ᠦᠬᠠᠶ ᠶᠢᠨ ᠠᠩᠬᠠᠳᠠᠭᠴᠢ ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠶᠢᠨ ᠠᠵᠤ ᠦᠶᠯᠡᠰ ᠤᠨ ᠬᠦᠷᠢᠶᠡᠯᠡᠩ ᠡᠵᠡᠩᠨᠡᠯᠲᠡ ᠪᠠᠨ ᠡᠬᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ 5000 ᠭᠠᠷᠤᠶ ᠡᠷᠦᠬᠡ ᠰᠢᠨ᠎ᠡ ᠪᠠᠷ ᠨᠡᠮᠡᠭᠳᠡᠪᠡ᠃ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ | ᠬᠠᠷᠠᠭᠠᠯᠵᠠᠯ ᠦᠵᠡᠭᠦᠯᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠠᠶᠢᠯᠢ ᠰᠦᠢᠳᠬᠡᠯ ᠢ 5 . 04 ᠳ᠋ᠦᠩᠰᠢᠭᠤᠷ ᠲᠥᠭᠦᠷᠢᠭ ᠬᠠᠰᠤᠵᠤ | ᠬᠡᠯᠲᠦᠷᠢᠭᠦᠯᠪᠡ᠃ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 760 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠡᠯ᠎ᠡ ᠲᠥᠷᠥᠯ ᠤᠨ ᠪᠠᠲᠤᠯᠠᠭ᠎ᠠ ᠶᠢᠨ ᠮᠥᠩᠭᠦ ᠪᠠ ᠨᠥᠬᠦᠪᠥᠷᠢ ᠶᠢ 4588 ᠲᠦᠮᠡᠨ ᠲᠥᠭᠦᠷᠢᠭ | ᠲᠠᠷᠬᠠᠭᠠᠪᠠ᠃ ᠡᠩ ᠤᠨ ᠴᠢᠨᠠᠷᠲᠠᠢ ᠵᠠᠷᠤᠯᠭ᠎ᠠ ᠶᠢ 575 ᠲᠦᠮᠡᠨ ᠲᠥᠭᠦᠷᠢᠭ ᠪᠠᠭᠠᠰᠬᠠᠵᠤ᠂ ᠵᠢᠭᠡᠯᠡᠯᠭᠡ ᠶᠢᠨ | ᠲᠡᠮᠳᠡᠭᠲᠦ᠂ ᠲᠥᠪ ᠤᠨ ᠰᠢᠭᠤᠳ ᠬᠦᠷᠬᠦ ᠵᠡᠷᠭᠡ ᠪᠡᠯᠡ ᠮᠥᠩᠭᠦ ᠶᠢ 17 . 06 ᠳ᠋ᠦᠩᠰᠢᠭᠤᠷ ᠲᠥᠭᠦᠷᠢᠭ | ᠴᠢᠷᠮᠠᠢᠨᠠᠢ ᠣᠯᠵᠤ᠂ ᠵᠠᠪᠠᠯ ᠭᠦᠢᠴᠡᠳᠬᠡᠬᠦ ᠴᠢᠨᠠᠷᠲᠠᠢ ᠵᠠᠷᠤᠯᠭ᠎ᠠ ᠶᠢ ᠪᠦᠲᠦᠮᠵᠢᠲᠡᠢ ᠪᠠᠳᠤᠯᠠᠪᠠ᠃ | ᠳᠥᠷᠪᠡ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠪᠠ᠃ | ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ | 6311 ᠢᠵᠢ ᠣᠷᠣᠨ ᠰᠠᠭᠤᠴᠠ ᠶᠢ ᠪᠦᠬᠦᠨ ᠢ ᠲᠤᠰᠢᠶᠠᠨ ᠥᠭᠴᠦ ᠲᠥᠪᠬᠢᠨᠡᠭᠦᠯᠦᠨ᠂ 6 ᠠᠰᠠᠭᠤᠳᠠᠯ ᠲᠠᠢ | ᠠᠰᠠᠷ ᠢ ᠪᠠᠷᠢᠵᠤ ᠳᠠᠭᠤᠰᠬᠠᠨ᠂ 80 % ᠶᠢᠨ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠢ ᠲᠥᠪᠬᠢᠨᠡᠭᠦᠯᠪᠡ᠃ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ 46 ᠶᠢ | ᠪᠡᠶᠡᠯᠡᠭᠦᠯᠵᠦ᠂ 5 ᠪᠠᠶᠢᠰᠢᠩ ᠭᠡᠷ ᠤᠨ ᠲᠣᠭᠤᠷᠢᠭ ᠤᠨ 4 . 7 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ | ᠭᠤᠳᠤᠮᠵᠢ ᠶᠢ ᠬᠠᠲᠠᠭᠤᠵᠢᠭᠤᠯᠤᠨ᠂ 1 . 3 ᠺᠢᠯᠤᠮᠧᠲᠷ ᠤᠨ ᠲᠦᠭᠡᠭᠡᠯ ᠤᠰᠤ ᠬᠠᠩᠭᠠᠬᠤ᠂ ᠪᠣᠬᠢᠷ ᠤᠰᠤ | ᠭᠠᠳᠠᠭᠰᠢᠯᠠᠭᠤᠯᠬᠤ ᠵᠢᠴᠢ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠪᠤᠭᠤᠲᠤ | ᠶᠢᠨ ᠲᠡᠮᠦᠷ ᠵᠠᠮ᠂ ᠮᠤᠵᠢ ᠶᠢᠨ ᠵᠠᠮ 217 ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2400 ᠭᠠᠷᠤᠢ ᠮᠦ ᠭᠠᠵᠠᠷ ᠰᠢᠷᠣᠢ᠂ 200 ᠭᠠᠷᠤᠢ ᠡᠷᠦᠬᠡ | ᠭᠡᠷ ᠪᠠᠶᠢᠰᠢᠩ ᠢ ᠲᠠᠲᠠᠪᠤᠷᠢᠯᠠᠨ ᠠᠪᠤᠪᠠ᠃ 13 . 2 ᠺᠢᠯᠤᠮᠧᠲᠷ ᠤᠨ ᠬᠤᠲᠠ ᠶᠢᠨ ᠵᠠᠮ ᠢ ᠰᠢᠨ᠎ᠡ ᠪᠠᠷ ᠵᠠᠰᠠᠬᠤ | ᠪᠤᠶᠤ ᠥᠭᠡᠷᠡᠴᠢᠯᠡᠨ ᠵᠠᠰᠠᠵᠤ᠂ 10 . 5 ᠺᠢᠯᠤᠮᠧᠲᠷ ᠪᠣᠷᠣᠭᠠᠨ ᠤ ᠤᠰᠤ ᠪᠣᠬᠢᠷ ᠢ ᠰᠠᠯᠭᠠᠬᠤ ᠥᠭᠡᠷᠡᠴᠢᠯᠡᠯᠲᠡ ᠶᠢ | ᠪᠡᠶᠡᠯᠡᠭᠦᠯᠵᠦ᠂ ᠬᠤᠲᠠ ᠶᠢᠨ ᠤᠰᠤᠲᠤᠯ ᠢ ᠪᠦᠲᠦᠮᠵᠢᠲᠡᠢ ᠨᠠᠮᠳᠠᠭᠤᠯᠪᠠ᠃ ᠰᠢᠨ᠎ᠡ ᠪᠠᠷ ᠪᠠᠶᠢᠭᠤᠯᠤᠭᠰᠠᠨ ᠪᠠ | ᠥᠭᠡᠷᠡᠴᠢᠯᠡᠨ ᠪᠠᠶᠢᠭᠤᠯᠤᠭᠰᠠᠨ ᠡᠯ᠎ᠡ ᠲᠥᠷᠥᠯ ᠤᠨ ᠨᠡᠶᠢᠲᠡ ᠶᠢᠨ ᠵᠣᠷᠯᠣᠩ 22 ᠪᠠᠶᠢᠵᠤ᠂ ᠬᠤᠲᠠ ᠶᠢᠨ | ᠨᠣᠭᠤᠭᠠᠷᠠᠭᠤᠯᠤᠯᠲᠠ ᠶᠢᠨ ᠲᠠᠯᠠᠪᠠᠢ 2 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠪᠡ᠃ ᠬᠤᠭ | ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠬᠤᠳᠠ ᠶᠢᠨ | ᠬᠠᠮᠢᠶᠠᠷᠤᠯᠲᠠ ᠶᠢᠨ ᠵᠥᠪᠯᠡᠯ ᠪᠠᠶᠢᠭᠤᠯᠤᠭᠳᠠᠵᠤ᠂ 《 ᠵᠠᠰᠠᠮᠠᠯ ᠵᠠᠮ ᠢᠶᠠᠷ ᠠᠯᠪᠠᠯᠠᠬᠤ 》 ᠲᠣᠭᠲᠠᠴᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠲᠦᠷᠢᠮ ᠠᠴᠠ ᠵᠥᠷᠢᠴᠡᠭᠰᠡᠨ 1 . 23 ᠲᠦᠮᠡᠨ ᠲᠡᠭᠰᠢ ᠳᠥᠷᠪᠡᠯᠵᠢᠨ ᠮᠧᠲᠷ | ᠪᠠᠷᠢᠯᠭ᠎ᠠ ᠶᠢ ᠨᠤᠷᠠᠭᠠᠵᠤ᠂ ᠬᠡᠷᠡᠭᠴᠡᠭᠡ ᠶᠣᠰᠣᠭᠠᠷ ᠵᠦᠢ ᠵᠣᠬᠢᠰᠲᠠᠢ ᠲᠣᠭᠤᠷᠢᠭ ᠬᠤᠪᠢᠶᠠᠨ ᠨᠡᠭᠦᠳᠡᠯ | ᠬᠤᠳᠠᠯᠳᠤᠭᠠᠴᠢᠨ ᠤ ᠡᠵᠡᠩᠨᠡᠯᠲᠡ ᠶᠢ ᠵᠢᠷᠤᠮᠵᠢᠭᠤᠯᠪᠠ᠃ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤᠯᠠᠮ ᠨᠢᠭᠡ ᠠᠯᠬᠤᠮ ᠰᠠᠢᠵᠢᠷᠠᠵᠤ᠂ 3200 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ | ᠡᠭᠦᠷᠭᠡ ᠶᠢ ᠪᠦᠬᠦᠨ ᠢ ᠪᠡᠶᠡᠯᠡᠭᠦᠯᠵᠦ᠂ 85 ᠺᠢᠯᠤᠮᠧᠲᠷ ᠪᠣᠬᠢᠷ ᠤᠰᠤᠨ ᠤ ᠬᠤᠭᠤᠯᠠᠢ ᠶᠢ ᠲᠥᠬᠦᠷᠵᠢᠭᠦᠯᠦᠨ | ᠳᠡᠪᠢᠰᠴᠦ᠂ 36 ᠰᠠᠭᠤᠷᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠤᠨ | ᠳᠠᠭᠤᠰᠬᠠᠵᠤ᠂ 18 ᠰᠠᠭᠤᠷᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ ᠢ ᠰᠢᠨ᠎ᠡ ᠪᠠᠷ | ᠪᠠᠶᠢᠭᠤᠯᠵᠤ᠂ ᠲᠠᠷᠢᠶᠠᠯᠠᠬᠤ ᠣᠷᠣᠨ ᠤ ᠨᠡᠶᠢᠲᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 85 % ᠳᠤ | ᠬᠦᠷᠪᠡ᠃ ᠲᠠᠷᠢᠶᠠᠯᠠᠬᠤ ᠣᠷᠣᠨ ᠤ ᠵᠠᠮ ᠢ 7 ᠺᠢᠯᠤᠮᠧᠲᠷ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ᠂ ᠵᠠᠮ | ᠤᠨ ᠬᠤᠶᠠᠷ ᠬᠠᠵᠠᠭᠤ ᠶᠢ ᠪᠠᠷᠤᠭ ᠮᠢᠩᠭᠠᠨ ᠮᠦ ᠨᠤᠭᠤᠭᠠᠷᠠᠭᠤᠯᠪᠠ᠃ ᠭᠠᠰᠢᠭᠤᠨ ᠱᠣᠷᠪᠣᠭ ᠤᠰᠤ ᠶᠢ ᠥᠭᠡᠷᠡᠴᠢᠯᠡᠬᠦ | ᠵᠡᠷᠭᠡ ᠲᠠᠷᠢᠶᠠᠯᠠᠬᠤ ᠣᠷᠣᠨ ᠤ《 ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ 》 ᠢ ᠳᠠᠭᠤᠰᠬᠠᠵᠤ᠂ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠨᠠᠩ ᠪᠠᠲᠤᠯᠠᠭ᠎ᠠ ᠲᠠᠢ | ᠪᠣᠯᠭᠠᠪᠠ᠃ | ᠲᠠᠪᠤ ᠳᠤ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ | ᠤᠨ ᠦᠨᠡᠮᠯᠡᠯ ᠢ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ 95 | ᠵᠢᠵᠢᠭ ᠲᠣᠭᠤᠷᠢᠭ ᠢ ᠠᠩᠬ᠎ᠠ ᠤᠳᠠᠭ᠎ᠠ ᠳᠠᠩᠰᠠᠯᠠᠭᠤᠯᠪᠠ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ | ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠳᠠᠯᠳᠠ | ᠭᠡᠮ ᠢ 3000 ᠭᠠᠷᠤᠶ ᠵᠦᠢᠯ ᠢ ᠴᠡᠭᠴᠡᠯᠡᠨ ᠵᠠᠰᠠᠵᠤ᠂ ᠦᠢᠯᠡᠳᠪᠦᠷᠢᠯᠡᠯ ᠤᠨ ᠠᠶᠤᠯ ᠦᠭᠡᠶ᠂ ᠭᠠᠯ ᠤᠨ ᠠᠶᠤᠯ | ᠵᠡᠷᠭᠡ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠶ ᠪᠠᠶᠢᠬᠤ ᠶᠢ ᠦᠷᠭᠦᠯᠵᠢᠯᠡᠨ ᠪᠠᠲᠤᠯᠠᠪᠠ᠃ 《 ᠭᠤᠣᠯ | ᠮᠥᠷᠡᠨ ᠤ ᠳᠠᠷᠤᠭ᠎ᠠ ᠶᠢᠨ ᠲᠦᠷᠢᠮ 》 ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ | ᠠᠮᠤᠷ ᠲᠦᠪᠰᠢᠨ ᠢᠶᠠᠷ ᠥᠩᠭᠡᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ | ᠤᠨ ᠰᠢᠶᠳᠪᠦᠷᠢᠲᠦ ᠳᠠᠶᠢᠯᠠᠯᠳᠤᠭᠠᠨ ᠬᠢᠵᠦ ᠰᠢᠶᠳᠪᠦᠷᠢᠲᠦ ᠢᠯᠠᠯᠲᠠ ᠣᠯᠵᠤ᠂ ᠬᠠᠷᠭᠢᠰ ᠬᠦᠴᠦᠨ ᠳᠤ | ᠬᠤᠯᠪᠣᠭᠳᠠᠭᠰᠠᠨ 17 ᠪᠦᠯᠬᠦᠮ ᠢ ᠤᠰᠠᠳᠬᠠᠵᠤ᠂ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠬᠡᠷᠡᠭ ᠪᠣᠯᠭᠠᠨ | ᠳᠠᠩᠰᠠᠯᠠᠭᠰᠠᠨ ᠨᠣᠷᠮ᠎ᠠ 18 . 3 % ᠪᠠᠷ ᠪᠠᠭᠤᠷᠠᠪᠠ᠃ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ | ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠵᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ 《 ᠬᠤᠤᠰ ᠳᠡᠭᠡᠭᠰᠢᠯᠡᠯᠲᠡ 》 ᠶᠢ ᠪᠡᠶᠡᠯᠡᠭᠦᠯᠪᠡ᠃ ᠬᠤᠲᠠ ᠶᠢᠨ ᠬᠡᠪᠴᠢᠶᠡᠨ ᠤ ᠨᠡᠶᠢᠭᠡᠮ | ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ 404 | ᠲᠤᠰᠬᠠᠢ ᠲᠤᠰᠢᠶᠠᠯᠲᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠰᠣᠩᠭᠤᠨ ᠤᠷᠢᠵᠤ᠂ 《 1342 | 》 ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠢ ᠾᠧ ᠨᠠᠰᠤᠲᠠᠶᠢᠴᠤᠳ ᠤᠨ | ᠨᠡᠶᠢᠲᠡ ᠶᠢᠨ ᠪᠠᠶᠢᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ | ᠤᠷᠤᠭᠰᠢᠲᠠᠶ ᠶᠠᠪᠤᠭᠳᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ | ᠲᠥᠪ 15 ᠪᠣᠯᠵᠣ ᠨᠡᠮᠡᠭᠳᠡᠨ᠂ ᠪᠥᠬᠦ ᠤᠯᠤᠰ ᠤᠨ ᠲᠠᠪᠤᠳᠤᠭᠠᠷ ᠪᠦᠯᠦᠭ ᠬᠡᠷ ᠲᠡᠭᠡᠨ ᠰᠠᠭᠤᠬᠤ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠦᠷ᠎ᠡ | ᠪᠦᠲᠦᠭᠡᠯ ᠢ ᠰᠢᠯᠭᠠᠨ ᠠᠪᠴᠤ ᠥᠩᠭᠡᠷᠡᠪᠡ᠃ ᠳ᠋ᠦᠩ ᠹᠠᠩ ᠬᠤᠩ ᠬᠡᠦᠬᠡᠳ ᠰᠠᠭᠠᠲᠠᠭᠤᠯᠬᠤ ᠦᠶᠯᠡᠴᠢᠯᠡᠭᠡᠨ ᠤ | ᠪᠠᠶᠢᠭᠤᠯᠤᠮᠵᠢ ᠶᠢ ᠪᠠᠶᠢᠭᠤᠯᠵᠤ᠂ ᠨᠡᠶᠢᠭᠡᠮ ᠤᠨ ᠬᠦᠴᠦᠨ ᠤ ᠬᠡᠦᠬᠡᠳ ᠰᠠᠭᠠᠲᠠᠭᠤᠯᠬᠤ ᠦᠶᠯᠡᠴᠢᠯᠡᠭᠡ ᠲᠣᠭᠲᠠᠭᠤᠨ | ᠢᠶᠠᠷ ᠡᠬᠢᠯᠡᠪᠡ᠃ ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ 5 ᠰᠤᠷᠭᠠᠭᠤᠯᠢ ᠶᠢᠨ | ᠬᠦᠷᠢᠶᠡᠨ ᠤ ᠪᠠᠷᠢᠯᠭ᠎ᠠ ᠶᠢ ᠳᠠᠭᠤᠰᠬᠠᠵᠤ᠂ 4 ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ | ᠳᠤ ᠣᠷᠣᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠲᠦᠯᠬᠢᠨ ᠠᠬᠢᠭᠤᠯᠪᠠ᠃ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠠᠷᠢᠶᠠᠲᠤ ᠠᠰᠠᠷ ᠪᠣᠯᠤᠨ 3 ᠪᠥᠭᠡᠮ | ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ᠂ | ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠷᠪᠠᠳᠤᠭᠠᠷ ᠳᠡᠰ | ᠤᠨ ᠬᠢᠲᠠᠳ ᠡᠮᠨᠡᠯᠭᠡ ᠶᠢᠨ ᠬᠤᠷᠢᠶ᠎ᠠ ᠳᠤ ᠳᠡᠪᠰᠢᠪᠡ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ | ᠳᠤ ᠲᠥᠪᠬᠢᠨᠡᠭᠦᠯᠬᠦ ᠲᠣᠭᠤᠷᠢᠭ ᠤᠨ 5 ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ ᠢᠵᠢ | ᠪᠦᠷᠢᠳᠦᠭᠦᠯᠦᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠶᠢ 780 ᠤᠳᠠᠭ᠎ᠠ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ | ᠵᠦᠢᠯᠡᠰ ᠢ 6 ᠤᠳᠠᠭ᠎ᠠ ᠠᠮᠵᠢᠯᠲᠠ ᠲᠠᠢ ᠪᠠᠷ ᠮᠡᠳᠡᠭᠦᠯᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠪᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | 《 ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠤᠤᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠦᠶᠯᠡᠰ ᠬᠢᠬᠦ ᠴᠢᠳᠠᠪᠤᠷᠢ ᠶᠢᠨ | ᠲᠦᠪᠰᠢᠨ ᠢᠯᠡᠳᠲᠡ ᠳᠡᠭᠡᠭᠰᠢᠯᠡᠪᠡ᠃ ᠵᠣᠷᠢᠭᠲᠠᠢ ᠪᠠᠷ ᠬᠠᠲᠠᠭᠤ ᠲᠠᠢ ᠨᠢ ᠬᠠᠯᠳᠠᠬᠤ ᠤᠯᠤᠰ ᠲᠦᠷᠦ ᠶᠢᠨ ᠡᠭᠦᠷᠭᠡᠯᠡᠯ | ᠪᠠ ᠬᠢᠳᠤᠭᠠᠨ ᠢᠷ ᠢ ᠳᠣᠲᠣᠭᠰᠢ ᠬᠠᠨᠳᠤᠭᠤᠯᠬᠤ ᠡᠷᠴᠢ ᠵᠣᠷᠢᠭ ᠢᠶᠠᠷ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠶᠢ ᠠᠬᠢᠭᠤᠯᠵᠤ᠂ 99 ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠢᠨᠠᠨ ᠪᠠᠶᠢᠴᠠᠭᠠᠵᠤ | ᠢᠯᠡᠷᠡᠭᠦᠯᠦᠭᠰᠡᠨ ᠠᠰᠠᠭᠤᠳᠠᠯ ᠢ 69 ᠬᠠᠰᠤᠵᠤ᠂ ᠪᠠᠶᠢᠩᠭᠤᠵᠢᠭᠰᠠᠨ ᠵᠠᠰᠠᠯᠲᠠ ᠳᠤ ᠰᠢᠯᠵᠢᠨ ᠣᠷᠣᠵᠤ᠂ | ᠨᠡᠭᠦᠷᠡᠰᠦᠨ ᠤ ᠬᠦᠷᠢᠶᠡᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ 27 ᠲᠣᠭᠲᠠᠭᠠᠵᠤ ᠥᠭᠡᠷᠡᠴᠢᠯᠡᠨ ᠬᠦᠴᠦᠨ | ᠦᠭᠡᠢ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠨᠢᠭᠡ ᠪᠦᠯᠦᠭ | ᠬᠡᠷᠡᠭ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ 6 ᠳ᠋ᠦᠩᠰᠢᠭᠤᠷ ᠲᠥᠭᠦᠷᠢᠭ ᠤᠨ ᠬᠤᠬᠢᠷᠠᠯ ᠢ ᠨᠡᠬᠡᠮᠵᠢᠯᠡᠨ | ᠠᠪᠴᠢᠷᠠᠵᠤ ᠡᠭᠡᠭᠦᠯᠦᠨ ᠠᠪᠴᠢᠷᠠᠭᠰᠠᠨ ᠪᠠᠶᠢᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠶᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠵᠦ | ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠠᠷᠠᠳ | ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠥᠷᠢ ᠰᠢᠷᠢ ᠶᠢ 89 % ᠪᠠᠷ | ᠰᠢᠢᠳᠪᠦᠷᠢᠯᠡᠵᠦ᠂ 500 ᠲᠦᠮᠡᠨ ᠲᠥᠭᠦᠷᠢᠭ ᠠᠴᠠ ᠳᠣᠷᠣᠭᠰᠢᠬᠢ ᠵᠥᠷᠢᠯᠳᠦᠭᠡᠨ ᠦᠭᠡᠢ ᠥᠷᠢ ᠰᠢᠷᠢ ᠶᠢᠨ | ᠵᠣᠭᠤᠰ ᠢ ᠪᠦᠬᠦᠨ ᠢ ᠲᠦᠯᠦᠵᠦ ᠳᠠᠭᠤᠰᠬᠠᠪᠠ᠃ ᠲᠤᠭᠤᠷᠢᠭ ᠤᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ | ᠨᠠᠷᠢᠨ ᠲᠠᠩᠰᠠ ᠶᠢᠨ 4803 ᠵᠦᠶᠯᠡᠰ ᠢ ᠳᠠᠬᠢᠨ ᠡᠮᠬᠢᠯᠡᠨ ᠨᠡᠶᠢᠲᠡᠯᠡᠵᠦ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ | ᠵᠦᠶᠯᠡᠰ ᠤᠨ ᠴᠠᠭ ᠤᠨ ᠬᠢᠵᠠᠭᠠᠷ ᠪᠠ ᠴᠢᠬᠤᠯᠠ ᠨᠥᠬᠦᠴᠡᠯ ᠤᠨ ᠲᠤᠭ᠎ᠠ ᠬᠡᠮᠵᠢᠶ᠎ᠡ ᠶᠢ ᠲᠣᠰ ᠲᠣᠰ 43 %᠂ 16 | % ᠪᠠᠷ ᠪᠠᠭᠠᠰᠬᠠᠵᠤ᠂ 102 ᠵᠦᠶᠯ ᠤᠨ ᠥᠨᠳᠥᠷ ᠳᠠᠪᠲᠠᠮᠵᠢᠲᠤ ᠵᠠᠰᠠᠭ ᠤᠨ ᠣᠷᠳᠣᠨ ᠤ ᠦᠶᠯᠡᠴᠢᠯᠡᠭᠡᠨ ᠤ | ᠵᠦᠶᠯᠡᠰ ᠢ ᠬᠠᠮᠤᠭ ᠤᠨ ᠣᠯᠠᠨ ᠳᠤ ᠪᠠᠨ ᠨᠢᠭᠡ ᠤᠳᠠᠭ᠎ᠠ ᠭᠦᠶᠦᠯᠭᠡᠬᠦ ᠶᠢ ᠪᠡᠶᠡᠯᠡᠭᠦᠯᠵᠦ᠂᠂ ᠲᠣᠭᠤᠷᠢᠭ ᠪᠠᠯᠭᠠᠰᠤ | ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢ ᠪᠦᠷᠢᠨ ᠪᠥᠷᠬᠦᠭᠦᠯᠬᠦ ᠶᠢ | ᠪᠡᠶᠡᠯᠡᠭᠦᠯᠵᠦ᠂ 95 . 8 % ᠶᠢᠨ ᠵᠠᠰᠠᠭ ᠤᠨ ᠶᠠᠪᠤᠳᠠᠯ ᠤᠨ ᠵᠦᠶᠯᠡᠰ ᠢ ᠰᠦᠯᠵᠢᠶ᠎ᠡ ᠪᠠᠷ ᠭᠦᠶᠴᠡᠳᠬᠡᠵᠦ ᠪᠣᠯᠬᠤ | ᠶᠢ ᠪᠡᠶᠡᠯᠡᠭᠦᠯᠪᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ | ᠤᠷᠤᠭᠰᠢᠲᠠᠶ ᠠᠭᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠬᠥᠮᠦᠰ | ᠤᠨ ᠰᠡᠳᠬᠢᠯ ᠳᠤ ᠭᠦᠨ ᠰᠠᠭᠤᠭᠳᠠᠵᠤ᠂ ᠰᠢᠨ ᠹᠧᠩ ᠲᠣᠰᠬᠤᠨ᠂ ᠲᠣᠭᠤᠷᠢᠭ ᠤᠨ ᠬᠤᠶᠠᠳᠤᠭᠠᠷ ᠨᠢᠯᠬ᠎ᠠ ᠬᠡᠦᠬᠡᠳ | ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠨᠢᠭᠡᠴᠡ ᠪᠠᠷ ᠦᠨᠡᠯᠡᠭᠳᠡᠪᠡ᠃ | ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ | ᠲᠡᠭᠦᠰ ᠠᠮᠵᠢᠯᠲᠠ ᠲᠠᠢ ᠥᠨᠳᠥᠷᠯᠡᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠤᠷᠤᠭᠰᠢᠲᠠᠢ ᠪᠡᠶᠡᠯᠡᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠠᠵᠢᠯ ᠰᠢᠨ᠎ᠡ ᠲᠠᠪᠰᠢᠯᠳᠠ ᠲᠠᠢ ᠪᠣᠯᠪᠠ᠃ | ᠦᠨᠳᠦᠰᠦᠲᠡᠨ ᠱᠠᠰᠢᠨ ᠰᠤᠷᠲᠠᠬᠤᠨ᠂ ᠴᠡᠷᠢᠭ ᠠᠴᠠ ᠬᠠᠯᠠᠭᠳᠠᠭᠰᠠᠳ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ | ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ ᠰᠢᠨ᠎ᠡ ᠠᠮᠵᠢᠯᠲᠠ | ᠣᠯᠪᠠ᠃《 ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠢ ᠶᠢ | ᠴᠡᠪᠡᠷᠰᠢᠭᠦᠯᠬᠦ 》 ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠡᠯᠪᠡᠷᠢ ᠶᠢᠨ ᠦᠵᠡᠯ᠂ | ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ 《 ᠲᠦᠷᠪᠡᠨ ᠨᠣᠶᠠᠨ 》 ᠤ ᠴᠡᠭᠴᠡᠯᠡᠨ ᠵᠠᠰᠠᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠴᠡᠪᠡᠷᠰᠢᠭᠦᠯᠦᠨ ᠰᠡᠷᠭᠦᠭᠡᠪᠡ᠃ | 《 ᠭᠤᠷᠪᠠᠨ ᠴᠢᠬᠤᠯᠠ ᠨᠢᠭᠡ ᠶᠡᠭᠡ 》 ᠰᠢᠶᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠵᠤ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠭᠦᠢᠴᠡᠳᠬᠡᠵᠦ ᠬᠠᠷᠢᠭᠤ ᠥᠭᠭᠦᠭᠰᠡᠨ ᠨᠣᠷᠮ᠎ᠠ᠂ ᠰᠡᠳᠬᠢᠯ ᠬᠠᠨᠤᠮᠵᠢᠲᠠᠶ ᠪᠣᠯᠤᠭᠰᠠᠨ ᠨᠣᠷᠮ᠎ᠠ ᠴᠥᠮ 100 % | ᠪᠣᠯᠤᠨ᠎ᠠ᠃ | ᠲᠥᠯᠥᠭᠡᠯᠡᠭᠴᠢᠳ ᠡ᠂ ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠠᠵᠤ ᠠᠬᠤᠢ ᠨᠡᠶᠢᠭᠡᠮ ᠤᠨ | ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠂ | ᠡᠭᠦᠨ ᠤ ᠭᠤᠣᠯ ᠢᠯᠡᠷᠡᠯ ᠭᠡᠪᠡᠯ᠄ ᠬᠢᠵᠢᠭ ᠤᠨ ᠪᠠᠶᠢᠳᠠᠯ ᠤᠨ ᠬᠤᠪᠢᠷᠠᠯᠲᠠ ᠵᠡᠷᠭᠡ ᠲᠣᠭᠲᠠᠭᠠᠯᠲᠤ ᠪᠤᠰᠤ ᠴᠢᠨᠠᠷᠲᠠᠢ | ᠬᠦᠴᠦᠨ ᠵᠦᠢᠯ ᠮᠥᠨ ᠯᠡ ᠣᠷᠣᠰᠢᠭᠰᠠᠭᠠᠷ ᠪᠠᠶᠢᠵᠤ᠂ ᠠᠵᠤ ᠠᠬᠤᠢ ᠶᠢ ᠰᠡᠷᠭᠦᠭᠡᠬᠦ ᠰᠠᠭᠤᠷᠢ ᠬᠠᠷᠠᠬᠠᠨ ᠪᠠᠲᠤ | ᠪᠠᠬᠢ ᠪᠢᠰᠢ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠥᠨᠳᠥᠷ | ᠪᠢᠰᠢ᠂ ᠠᠵᠤ ᠦᠢᠯᠡᠰ ᠤᠨ ᠪᠦᠲᠦᠴᠡ ᠶᠢᠨ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠢ ᠦᠨᠳᠦᠰᠦᠨ ᠠᠴᠠ | ᠨᠢ ᠰᠢᠢᠳᠪᠦᠷᠢᠯᠡᠭᠡᠳᠦᠢ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠬᠦᠴᠦᠨ ᠴᠢᠩᠭ᠎ᠠ ᠪᠢᠰᠢ᠃ | ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠪᠠᠰᠠ ᠨᠡᠯᠢᠶᠡᠳ ᠲᠣᠪᠣᠶᠢᠮ᠎ᠠ | ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠤᠯᠠᠮ ᠨᠢᠭᠡ ᠠᠯᠬᠤᠮ ᠰᠢᠯᠢᠳᠡᠭᠵᠢᠭᠦᠯᠬᠦ | ᠴᠢᠬᠤᠯᠠᠲᠠᠶ ᠪᠠᠶᠢᠵᠤ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠬᠢᠭᠡᠳ | ᠣᠯᠠᠨ ᠲᠦᠮᠡᠨ ᠤ ᠰᠠᠶᠢᠨ ᠰᠠᠶᠢᠬᠠᠨ ᠬᠡᠷᠡᠭᠴᠡᠭᠡ ᠱᠠᠭᠠᠷᠳᠠᠯᠭ᠎ᠠ ᠯᠤᠭ᠎ᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ; | ᠬᠡᠰᠡᠭ ᠺᠠᠳ᠋ᠷ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃ | ᠬᠤᠶᠠᠷ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠭᠦᠷᠭᠡ ᠬᠠᠷᠠᠯᠲᠠ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ 《 ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ 》 ᠶᠢ ᠦᠨᠳᠦᠰᠦᠯᠡᠨ᠂ ᠪᠢᠳᠡ 《 ᠦᠬᠠᠢ ᠬᠤᠳᠠ | ᠶᠢᠨ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ | ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ | ᠶᠢᠨ ᠬᠥᠲᠥᠯᠪᠦᠷᠢ ( ᠲᠥᠰᠦᠯ ) 》 ᠶᠢ ᠨᠠᠶᠢᠷᠠᠭᠤᠯᠤᠨ ᠵᠣᠬᠢᠶᠠᠪᠠ᠂ ᠠᠵᠤ ᠠᠬᠤᠶ ᠶᠢᠨ ᠬᠥᠭᠵᠢᠯᠲᠡ ᠠᠴᠠ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ᠂ ᠠᠮᠢ ᠠᠬᠤᠶ ᠶᠢᠨ | ᠪᠣᠯᠪᠠᠰᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠨᠡᠶᠢᠭᠡᠮ ᠤᠨ ᠪᠣᠯᠪᠠᠰᠤᠨ᠂ ᠨᠡᠶᠢᠭᠡᠮ ᠤᠨ ᠵᠠᠰᠠᠯᠲᠠ ᠶᠢᠨ | ᠳᠣᠯᠣᠭᠠᠨ ᠲᠠᠯ᠎ᠠ ᠠᠴᠠ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ | ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶ ᠳᠤᠷᠠᠳᠴᠠᠶ᠂ ᠬᠥᠭᠵᠢᠯᠲᠡ ᠶᠢ | ᠲᠤᠯᠭᠠᠭᠤᠷᠢᠯᠠᠬᠤ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠲᠤᠰ | ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ᠃ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠮᠥᠨ᠂ | ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠲᠦᠷᠭᠡᠳᠬᠡᠨ ᠬᠤᠪᠢᠷᠠᠭᠤᠯᠬᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠠᠪᠤᠨ ᠵᠢᠯ ᠮᠥᠨ᠃ ᠪᠢᠳᠡ ᠰᠢᠨ᠎ᠡ ᠬᠥᠭᠵᠢᠯᠲᠡ | ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠥᠪᠡᠷᠲᠡᠭᠡᠨ ᠵᠠᠰᠠᠬᠤ | ᠣᠷᠣᠨ ᠤ 《 ᠬᠤᠶᠠᠷ ᠬᠠᠯᠬᠠᠪᠴᠢ᠂ ᠬᠤᠶᠠᠷ ᠰᠠᠭᠤᠷᠢᠨ᠂ ᠨᠢᠭᠡ ᠬᠥᠭᠦᠷᠭᠡᠨ ᠪᠠᠬᠢᠯᠡᠯᠲᠡ 》 ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠣᠯᠤᠨ | ᠡᠷᠡᠰ ᠪᠠᠲᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠮᠠᠨ ᠤ ᠲᠤᠭᠤᠷᠢᠭ ᠤᠨ ᠪᠣᠬᠢᠷᠲᠤᠯ ᠥᠬᠡᠶ ᠠᠮᠢ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠬᠦ ᠬᠡᠷᠡᠭᠲᠡᠶ᠃ | ᠠᠵᠤ ᠠᠬᠤᠢ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠤᠨ᠎ᠠ᠃ 《 ᠠᠷᠪᠠᠨ ᠳᠥᠷᠪᠡᠳᠦᠭᠡᠷ ᠲᠠᠪᠤᠨ | ᠵᠢᠯ 》 ᠤᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ | ᠂ ᠪᠣᠬᠢᠷᠲᠤᠯ ᠥᠬᠡᠶ ᠬᠥᠭᠵᠢᠭᠦᠯᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠶᠯᠡᠰ ᠤᠨ ᠬᠡᠯᠪᠡᠷᠢ | ᠪᠠᠨ ᠬᠤᠪᠢᠷᠠᠭᠤᠯᠤᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠣᠯᠠᠨ ᠲᠡᠰ ᠢᠶᠠᠷ ᠲᠤᠯᠭᠠᠭᠤᠷᠢᠯᠠᠭᠰᠠᠨ᠂ ᠣᠯᠠᠨ | ᠡᠰᠢᠵᠢᠨ ᠬᠥᠭᠵᠢᠭᠰᠡᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ | ᠠᠬᠤᠶ ᠶᠢᠨ ᠲᠣᠭᠲᠠᠭᠤᠨ ᠨᠡᠮᠡᠭᠳᠡᠯ ᠢ ᠦᠨᠡᠨ ᠬᠦ ᠪᠠᠲᠤᠯᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠰᠢᠨ᠎ᠡ ᠳᠡᠭᠡᠭᠰᠢᠯᠡᠯᠲᠡ ᠲᠠᠢ ᠪᠤᠯᠤᠨ᠎ᠠ᠃ 《 | ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ | ᠲᠣᠭᠤᠷᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠣᠷᠣᠭᠤᠯᠤᠯᠲᠠ᠂ ᠰᠢᠨ᠎ᠡ ᠶᠢ ᠡᠭᠦᠳᠬᠦ ᠴᠢᠬᠤᠯᠠ ᠡᠯᠧᠮᠧᠨ᠋ᠲ ᠢ | ᠲᠥᠪᠯᠡᠷᠡᠭᠦᠯᠬᠦ ᠴᠢᠳᠠᠪᠤᠷᠢ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠳᠠᠪᠤᠷᠢᠲᠠᠨ ᠢ ᠴᠤᠭᠯᠠᠷᠠᠭᠤᠯᠤᠨ | ᠴᠢᠳᠠᠪᠤᠷᠢᠲᠠᠨ ᠢ ᠬᠥᠮᠦᠵᠢᠭᠦᠯᠬᠦ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠠᠵᠤ ᠠᠬᠤᠶ ᠶᠢᠨ ᠨᠡᠮᠡᠭᠳᠡᠯ | ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠪᠢ ᠨᠡᠮᠡᠷᠢ ᠶᠢ | ᠴᠢᠷᠮᠠᠶᠢᠨ ᠳᠡᠭᠡᠭᠰᠢᠯᠡᠭᠦᠯᠬᠦ ᠪᠣᠯᠤᠨ᠎ᠠ᠃ | ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》 | ᠤᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ | ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ | ᠭᠦᠶᠴᠡᠳ ᠬᠥᠭᠵᠢᠭᠡᠬᠦ ᠪᠣᠯᠤᠨ᠎ᠠ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠪᠠᠶᠢᠷᠢ ᠰᠣᠯᠪᠢᠴᠠᠨ ᠬᠥᠭᠵᠢᠬᠦ᠂ | ᠰᠠᠶᠢᠨ ᠥᠷᠢᠰᠥᠯᠳᠦᠭᠡᠨ ᠲᠠᠢ᠂ ᠬᠠᠮᠵᠢᠯᠴᠠᠨ ᠬᠠᠮᠲᠤ ᠪᠠᠷ ᠤᠷᠤᠭᠰᠢᠯᠠᠬᠤ ᠨᠢᠭᠡ ᠴᠣᠭᠴᠠᠵᠢᠭᠰᠠᠨ ᠬᠥᠭᠵᠢᠯᠲᠡ ᠶᠢᠨ | ᠵᠠᠭᠪᠤᠷ ᠢ ᠲᠦᠷᠭᠡᠳᠬᠡᠨ ᠪᠠᠶᠢᠭᠤᠯᠵᠤ᠂ 《 ᠨᠢᠭᠡ ᠪᠦᠰᠡ ᠨᠢᠭᠡ ᠵᠠᠮ 》 ᠪᠣᠯᠤᠨ ᠤᠮᠠᠷᠠᠰᠢ ᠨᠡᠭᠡᠭᠡᠯᠲᠡ ᠬᠢᠬᠦ | ᠪᠠᠶᠢᠷᠢᠰᠢᠯ ᠳᠤ ᠪᠦᠲᠦᠮᠵᠢᠲᠡᠶ ᠠᠭᠤᠰᠤᠯᠴᠠᠵᠤ᠂ ᠠᠵᠤ ᠠᠬᠤᠶ ᠶᠢᠨ ᠨᠡᠭᠡᠭᠡᠯᠲᠡ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠶᠢ ᠪᠡᠶᠡᠯᠡᠭᠦᠯᠤᠨ᠎ᠡ᠃ 《 ᠠᠷᠪᠠᠨ | ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ | ᠠᠬᠢᠭᠤᠯᠵᠤ᠂ ᠲᠡᠮᠦᠷ ᠮᠡᠲᠦ ᠬᠠᠲᠠᠭᠤ ᠵᠣᠷᠢᠭ ᠪᠠ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠮᠢ ᠠᠬᠤᠶ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠤᠰ | ᠡᠵᠡᠮᠳᠡᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ | ᠳᠣᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ 《 ᠠᠷᠪᠠᠨ | ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠶ | ᠲᠣᠭᠤᠷᠢᠭ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ | ᠣᠯᠠᠨ ᠨᠡᠶᠢᠲᠡ ᠶᠢᠨ ᠦᠶᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠰᠠᠶᠢᠵᠢᠷᠠᠭᠤᠯᠵᠤ᠂ ᠪᠣᠳᠠᠲᠠᠶ ᠠᠴᠠ ᠡᠭᠦᠰᠦᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠲᠦᠪᠰᠢᠨ ᠳᠤ ᠬᠦᠷᠭᠡᠨ᠎ᠡ᠃ 《 ᠠᠷᠪᠠᠨ ᠳᠥᠷᠪᠡᠳᠦᠭᠡᠷ | ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠥᠷᠭᠡᠨ ᠢᠶᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ᠂ | ᠰᠢᠨᠵᠢᠯᠡᠬᠦ ᠤᠬᠠᠭᠠᠨ ᠰᠣᠶᠣᠯ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠪᠦᠬᠦ ᠲᠠᠯ᠎ᠠ | ᠪᠠᠷ ᠳᠡᠭᠡᠭᠰᠢᠯᠡᠭᠦᠯᠬᠦ ᠪᠣᠯᠤᠨ᠎ᠠ᠃ | ᠨᠡᠶᠢᠭᠡᠮ ᠤᠨ ᠵᠠᠰᠠᠯᠲᠠ ᠰᠢᠨ᠎ᠡ ᠳᠡᠭᠡᠭᠰᠢᠯᠡᠯᠲᠡ ᠲᠠᠢ ᠪᠤᠯᠭᠠᠨ᠎ᠠ᠃《 ᠠᠷᠪᠠᠨ ᠳᠥᠷᠪᠡᠳᠦᠭᠡᠷ ᠲᠠᠪᠤᠨ ᠵᠢᠯ | 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ 《 ᠨᠢᠭᠡ ᠴᠥᠮ᠎ᠡ | ᠣᠯᠠᠨ ᠡᠰᠢᠵᠢᠭᠰᠡᠨ᠂ ᠠᠭᠤᠰᠤᠯᠴᠠᠨ ᠬᠠᠮᠲᠤ ᠪᠠᠷ ᠵᠠᠰᠠᠬᠤ 》 ᠬᠤᠲᠠ ᠶᠢᠨ ᠵᠠᠰᠠᠯᠲᠠ ᠶᠢᠨ ᠰᠢᠨ᠎ᠡ ᠶᠢ ᠡᠭᠦᠳᠬᠦ | ᠰᠢᠰᠲ᠋ᠧᠮ ᠢ ᠬᠦᠴᠦᠯᠡᠨ ᠪᠠᠶᠢᠭᠤᠯᠵᠤ᠂ ᠲᠣᠣᠷᠵᠢᠭᠰᠠᠨ ᠦᠶᠯᠡᠴᠢᠯᠡᠭᠡᠨ ᠤ ᠬᠠᠮᠢᠶᠠᠷᠤᠯᠲᠠ᠂ ᠪᠠᠴᠢᠮ ᠪᠠᠶᠢᠳᠠᠯ ᠢ | ᠠᠷᠭᠠᠴᠠᠭᠠᠬᠤ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ | ᠂ ᠢᠨᠲ᠋ᠧᠷ ᠰᠦᠯᠵᠢᠶ᠎ᠡ ᠬᠢᠭᠡᠳ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠨᠡᠶᠢᠭᠡᠮ ᠤᠨ | ᠵᠠᠰᠠᠯᠲᠠ ᠶᠢᠨ ᠬᠦᠷᠢᠶᠡᠨ ᠳᠠᠬᠢ ᠬᠡᠷᠡᠭᠯᠡᠯᠲᠡ ᠶᠢ ᠲᠦᠷᠭᠡᠳᠬᠡᠵᠦ᠂ ᠨᠡᠶᠢᠭᠡᠮ ᠤᠨ ᠨᠠᠩ ᠠᠮᠤᠷ ᠲᠣᠭᠲᠠᠭᠤᠨ ᠡᠶ᠎ᠡ | ᠵᠣᠬᠢᠴᠠᠩᠭᠤᠶ ᠪᠠᠶᠢᠬᠤ ᠶᠢ ᠦᠨᠡᠨ ᠬᠦ ᠪᠠᠲᠤᠯᠠᠨ᠎ᠠ᠃ | ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ 《 | ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠤᠨ | ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ | ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ | ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ | ᠰᠢᠰᠲ᠋ᠧᠮ ᠤᠨ ᠦᠵᠡᠯᠲᠡ ᠪᠠᠷᠢᠮᠲᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ | ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠤᠡᠭᠡᠨᠡ᠂ ᠬᠥᠭᠵᠢᠯᠲᠡ ᠪᠠ ᠠᠮᠤᠷ ᠲᠦᠪᠰᠢᠨ ᠢ | ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》 ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ 《 ᠵᠢᠷᠭᠤᠭ᠎ᠠ ᠶᠢ ᠪᠠᠲᠤᠯᠠᠬᠤ 》 ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ | ᠴᠢᠷᠮᠠᠶᠢᠨ ᠪᠠᠳᠤᠯᠠᠨ᠎ᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠡᠷᠡᠰ | ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠶ᠂ | ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | ᠡᠨᠡ ᠵᠢᠯ ᠤᠨ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 . 5 % ᠪᠠᠷ ᠨᠡᠮᠡᠭᠳᠡᠭᠦᠯᠵᠦ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5 % ᠶᠢᠨ ᠳᠣᠲᠣᠷ᠎ᠠ | ᠬᠢᠵᠠᠭᠠᠷᠯᠠᠵᠤ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠮᠢ ᠠᠬᠤᠶ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠢᠭᠡᠴᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠭᠳᠠᠭᠤᠯᠭ᠎ᠠ ᠶᠢ ᠥᠪᠡᠷᠲᠡᠭᠡᠨ ᠵᠠᠰᠠᠬᠤ ᠣᠷᠣᠨ | ᠤ ᠭᠦᠢᠴᠡᠳᠬᠡᠬᠦ ᠲᠤᠭ᠎ᠠ ᠶᠢᠨ ᠬᠡᠪᠴᠢᠶᠡᠨ ᠳᠤ ᠬᠢᠵᠠᠭᠠᠷᠯᠠᠵᠤ᠂ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠲᠤᠭ᠎ᠠ ᠶᠢᠨ ᠭᠦᠢᠴᠡᠳᠬᠡᠬᠦ ᠲᠤᠭ᠎ᠠ ᠶᠢ ᠲᠤᠰ ᠲᠤᠰ 5 %᠂ 9 . 1 %᠂ 5 % ᠪᠠᠷ ᠡᠵᠡᠮᠰᠢᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠠᠳᠬᠤᠨ᠎ᠠ᠄ | ( ᠨᠢᠭᠡ ) ᠠᠷᠭ᠎ᠠ ᠪᠦᠬᠦᠨ ᠢ ᠰᠦᠪᠡᠭᠴᠢᠯᠡᠨ ᠭᠤᠤᠯᠳᠠᠯᠭ᠎ᠠ ᠲᠠᠢ ᠲᠥᠷᠥᠯ ᠵᠦᠶᠯ ᠢ ᠠᠬᠢᠭᠤᠯᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ | ᠨᠠᠶᠢᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠵᠤ᠂ ᠵᠣᠷᠢᠭ ᠰᠢᠭᠤᠳᠴᠤ ᠪᠠᠶᠢᠭᠠᠳ ᠪᠦᠲᠦᠴᠡ ᠶᠢ ᠲᠣᠬᠢᠷᠠᠭᠤᠯᠵᠤ᠂ ᠬᠥᠳᠡᠯᠭᠡᠬᠦ ᠡᠨᠧᠷᠭᠢ | ᠶᠢ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠲᠦᠷᠭᠡᠳᠬᠡᠨ᠎ᠡ᠃ | ᠨᠡᠭᠦᠷᠡᠰᠦᠨ ᠤ ᠠᠵᠤ ᠠᠬᠤᠶᠢᠯᠠᠯ ᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠠᠮᠠᠭᠠᠯᠠᠯᠲᠠ ᠶᠢᠨ | ᠴᠢᠨᠠᠷᠲᠠᠶ ᠨᠡᠭᠦᠷᠡᠰᠦ ᠮᠠᠯᠲᠠᠬᠤ ᠡᠬᠢ ᠪᠠᠶᠠᠯᠢᠭ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠭᠡᠭᠡᠨ ᠮᠠᠯᠲᠠᠬᠤ | ᠬᠢᠭᠡᠳ ᠵᠠᠰᠠᠬᠤ ᠶᠢ ᠨᠢᠭᠡᠳᠦᠯᠲᠡᠶ ᠲᠥᠯᠥᠪᠯᠡᠨ᠎ᠡ᠃ ᠪᠣᠯᠣᠳ ᠬᠡᠦᠷᠡᠰᠦ ᠶᠢᠨ ᠠᠵᠤ ᠦᠢᠯᠡᠰ ᠤᠨ ᠬᠡᠯᠬᠢᠶ᠎ᠡ ᠪᠠ ᠪᠤᠤ | ᠡᠤ ᠨᠡᠭᠦᠷᠡᠰᠦᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ 《 ᠨᠢᠭᠡ ᠬᠡᠯᠬᠢᠶ᠎ᠡ ᠨᠢᠭᠡ ᠬᠦᠷᠢᠶᠡᠯᠡᠩ | 》 ᠢ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠶᠢ ᠴᠢᠩᠭ᠎ᠠ ᠠᠩᠬᠠᠷᠴᠤ᠂ 630 ᠲᠦᠮᠡᠨ ᠲᠣᠨ ᠬᠡᠦᠷᠡᠰᠦᠵᠢᠭᠦᠯᠬᠦ | ᠦᠢᠯᠡᠳᠪᠦᠷᠢᠯᠡᠯ ᠤᠨ ᠴᠢᠳᠠᠪᠤᠷᠢ ᠶᠢ ᠰᠠᠶᠢᠲᠤᠷ ᠬᠢᠵᠦ᠂ ᠵᠢᠯ ᠳᠤ 300 ᠲᠦᠮᠡᠨ ᠲᠣᠨ ᠬᠡᠦᠷᠡᠰᠦᠵᠢᠭᠦᠯᠬᠦ ᠳᠠᠬᠢᠨ | ᠵᠣᠬᠢᠶᠠᠨ ᠪᠠᠶᠢᠭᠤᠯᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠬᠢᠭᠤᠯᠵᠤ᠂ 2023 ᠣᠨ ᠤ ᠵᠢᠯ | ᠤᠨ ᠰᠡᠭᠦᠯᠴᠢ ᠠᠴᠠ ᠡᠮᠦᠨ᠎ᠡ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠶᠢ 4 . 3 ᠮᠧᠲᠷ ᠤᠨ | ᠬᠡᠦᠷᠡᠰᠦᠵᠢᠭᠦᠯᠬᠦ ᠵᠤᠤᠬ᠎ᠠ ᠶᠢ ᠰᠢᠭᠰᠢᠭᠳᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠪᠠᠷ | ᠬᠡᠦᠷᠡᠰᠦᠵᠢᠭᠦᠯᠬᠦ ᠠᠵᠤ ᠠᠬᠤᠶᠢᠯᠠᠯ ᠢ ᠥᠭᠡᠷᠡᠴᠢᠯᠡᠨ ᠳᠡᠰ ᠳᠡᠪᠰᠢᠭᠦᠯᠬᠦ ᠶᠢ ᠭᠡᠳᠡᠷᠭᠦ ᠰᠢᠬᠠᠮᠳᠠᠭᠤᠯᠤᠨ᠎ᠠ᠃ ᠵᠢᠶᠠᠨ | ᠯᠦᠩ H ᠬᠡᠯᠪᠡᠷᠢ ᠶᠢᠨ ᠪᠣᠯᠣᠳ ᠲᠡᠮᠦᠷ ᠤᠨ ᠮᠡᠷᠭᠡᠵᠢᠯ ᠤᠨ ᠥᠭᠡᠷᠡᠴᠢᠯᠡᠯᠲᠡ ᠪᠠ ᠪᠣᠯᠣᠳ ᠤᠨ ᠰᠢᠭᠠᠷᠤ | ᠰᠢᠶᠳᠪᠦᠷᠢᠯᠡᠬᠦ ᠲᠥᠷᠥᠯ ᠵᠦᠶᠯ ᠤᠨ ᠠᠵᠢᠯ ᠡᠬᠢᠯᠡᠬᠦ ᠶᠢ ᠠᠬᠢᠭᠤᠯᠵᠤ᠂ ᠰᠠᠢ ᠰᠧ ᠫᠦ᠋ ᠳᠤ ᠲᠦᠰᠢᠭᠯᠡᠨ ᠴᠡᠪᠡᠷ | ᠰᠢᠷᠡᠮᠦ ᠶᠢᠨ ᠳᠣᠤᠷᠠᠳᠤ ᠤᠷᠤᠰᠬᠠᠯ ᠤᠨ ᠦᠶᠯᠡᠳᠬᠦᠨ ᠢ ᠬᠥᠭᠵᠢᠭᠦᠯᠵᠦ᠂ ᠠᠵᠤ ᠠᠬᠤᠶᠢᠯᠠᠯ ᠤᠨ ᠳᠡᠭᠡᠳᠦ ᠲᠠᠰ | ᠤᠨ ᠪᠣᠯᠣᠳ ᠲᠡᠮᠦᠷ ᠤᠨ ᠠᠵᠤ ᠠᠬᠤᠶᠢᠯᠠᠯ ᠳᠠᠰᠢ ᠬᠥᠭᠵᠢᠬᠦ ᠶᠢ ᠵᠣᠷᠢᠭᠵᠢᠭᠤᠯᠤᠨ ᠳᠡᠮᠵᠢᠨ᠎ᠡ; ᠪᠦ᠋ᠦ ᠡᠦ ᠶᠢᠨ | ᠨᠡᠭᠦᠷᠡᠰᠦᠨ ᠮᠠᠲ᠋ᠧᠷᠢᠶᠠᠯ ᠢ ᠨᠢᠭᠡ ᠴᠣᠭᠴᠠᠵᠢᠭᠤᠯᠬᠤ᠂ ᠪᠤᠤ ᠵᠢᠶᠧ ᠶᠢᠨ ᠪᠠᠯ ᠴᠢᠯᠠᠭᠤ ᠶᠢᠨ ᠪᠢᠯᠢᠭ ᠲᠤᠶᠢᠯ ᠤᠨ | ᠮᠠᠲ᠋ᠧᠷᠢᠶᠠᠯ ᠤᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠪᠦ᠋ᠦ ᠬᠤᠸᠠ | ᠶᠢᠨ 200 ᠲᠣᠨ ᠣᠨᠴᠠ ᠲᠥᠷᠥᠯ ᠤᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠲᠥᠷᠥᠯ ᠵᠦᠶᠯ ᠢ ᠪᠥᠲᠥᠭᠡᠨ | ᠪᠠᠶᠢᠭᠤᠯᠵᠤ᠂ 《 ᠬᠡᠦᠷᠡᠰᠦ ᠪᠣᠯᠣᠳᠵᠢᠭᠰᠠᠨ ᠨᠡᠭᠦᠷᠡᠰᠦᠨ ᠮᠠᠲ᠋ᠧᠷᠢᠶᠠᠯ 》 ᠤᠨ ᠬᠥᠭᠵᠢᠯᠲᠡ ᠶᠢᠨ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠭᠦᠯᠵᠦ᠂ 《 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠬ᠎ᠠ ᠳᠡᠯᠭᠡᠭᠦᠷ ᠲᠤ | ᠭᠠᠷᠭᠠᠬᠤ ᠥᠬᠡᠶ᠂ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠥᠬᠡᠶ᠂ ᠬᠠᠶᠠᠭᠳᠠᠮᠠᠯ ᠬᠡᠶ ᠶᠢ ᠬᠡᠲᠦ ᠳᠣᠤᠷ᠎ᠠ | ᠭᠠᠳᠠᠭᠰᠢᠯᠠᠭᠤᠯᠬᠤ 》 ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠰᠠᠶᠢᠲᠠᠶ ᠠᠵᠤ | ᠦᠶᠯᠡᠳᠪᠦᠷᠢ ᠶᠢᠨ ᠠᠮᠢ ᠠᠬᠤᠶ ᠶᠢᠨ ᠬᠦᠷᠢᠶ᠎ᠡ ᠶᠢ ᠪᠠᠶᠢᠭᠤᠯᠤᠨ᠎ᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠱᠠᠨᠰᠢ ᠶᠢᠨ ᠮᠠᠰᠢᠨ ᠲᠡᠷᠭᠡᠨ ᠤ ᠪᠦᠯᠦᠭᠯᠡᠯ ᠤᠨ ᠦᠬᠠᠢ ᠳᠠᠬᠢ | ᠲᠤᠰᠬᠠᠢ ᠮᠠᠰᠢᠨ ᠲᠡᠷᠭᠡᠨ ᠤ ᠴᠢᠳᠠᠮᠵᠢ ᠪᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠳᠠᠮᠵᠢᠵᠤ᠂ ᠵᠢᠩ | ᠶᠦᠨ ᠲᠦᠩ ᠤᠨ 10 GW ᠶᠢᠨ ᠥᠨᠳᠥᠷ ᠦᠷ᠎ᠡ ᠠᠰᠢᠭᠲᠤ ᠳᠠᠩ ᠲᠠᠯᠠᠰᠲᠤ ᠴᠠᠬᠢᠭᠤᠷ ᠰᠠᠪᠠᠭ᠎ᠠ᠂ ᠦᠬᠠᠢ | ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠦᠯ ᠵᠦᠢᠯ ᠤᠨ ᠪᠠᠷᠢᠯᠭ᠎ᠠ ᠡᠬᠢᠯᠡᠬᠦ ᠶᠢ | ᠬᠦᠴᠦᠯᠡᠨ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠵᠡᠷᠭᠡ ᠳᠡᠰ ᠢ ᠳᠡᠭᠡᠭᠰᠢᠯᠡᠭᠦᠯᠦᠨ᠎ᠡ᠃ ᠵᠢᠦ ᠯᠦᠩ ᠣᠯᠠᠨ | ᠤᠯᠤᠰ ᠤᠨ ᠬᠤᠳᠠᠯᠳᠤᠭᠠᠨ ᠤ ᠴᠣᠭᠴᠠ ᠶᠢᠨ ᠵᠢᠯ ᠤᠨ ᠳᠣᠲᠣᠷ᠎ᠠ ᠠᠵᠢᠯ ᠡᠬᠢᠯᠡᠭᠦᠯᠦᠨ ᠡᠵᠡᠩᠨᠡᠬᠦ ᠶᠢ ᠪᠠᠲᠤᠯᠠᠵᠤ᠂ | ᠶᠢᠨ ᠳ᠋ᠢᠩ ᠤᠨ ᠬᠤᠶᠠᠳᠤᠭᠠᠷ ᠬᠤᠭᠤᠴᠠᠭ᠎ᠠ᠂ ᠢ ᠬᠤᠸᠠ ᠶᠢᠨ ᠰᠢᠨ ᠳ᠋ᠦ᠋ ᠬᠤᠶ ᠵᠡᠷᠭᠡ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠦ᠋ ᠨᠢᠩ ᠤᠨ ᠬᠢᠯᠪᠠᠷ ᠬᠤᠳᠠᠯᠳᠤᠨ ᠠᠪᠬᠤ ᠲᠣᠮᠣ | ᠬᠤᠳᠠᠯᠳᠤᠭᠠᠨ ᠤ ᠲᠠᠯᠠᠪᠤᠷ᠂ ᠡᠷᠡᠭᠦᠯ ᠮᠡᠨᠳᠦ ᠶᠢᠨ ᠦᠶᠯᠡᠳᠬᠦᠨ ᠤ ᠰᠢᠭᠤᠳ ᠡᠵᠡᠩᠨᠡᠯᠲᠡ ᠶᠢᠨ ᠣᠷᠳᠣᠨ ᠵᠡᠷᠭᠡ | ᠠᠷᠠᠯᠵᠢᠶ᠎ᠠ ᠬᠤᠳᠠᠯᠳᠤᠭᠠᠨ ᠤ ᠦᠶᠯᠡᠰ ᠤᠨ ᠰᠢᠨ᠎ᠡ ᠨᠠᠷᠠᠲᠤ ᠲᠡᠮᠳᠡᠭᠲᠦ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ | ᠬᠡᠯᠪᠡᠷᠢ ᠶᠢᠨ ᠲᠥᠷᠥᠯ ᠵᠦᠶᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠲᠥᠬᠦᠮ ᠢᠳᠡᠭᠡᠨ ᠤ ᠰᠥᠨᠢ ᠶᠢᠨ | ᠵᠠᠬ᠎ᠠ ᠳᠡᠯᠭᠡᠭᠦᠷ ᠪᠠ ᠵᠢᠵᠢᠭ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ | ᠵᠢᠷᠤᠮᠵᠢᠭᠤᠯᠤᠨ᠂ ᠶᠠᠪᠠᠭᠠᠨ ᠵᠡᠭᠡᠯᠢ ᠪᠠ ᠢᠳᠡᠭᠡᠨ ᠤᠮᠳᠠᠭᠠᠨ ᠤ ᠵᠡᠭᠡᠯᠢ ᠲᠣᠭᠤᠷᠢᠭ ᠤᠨ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠂ ᠤᠯᠠᠮᠵᠢᠯᠠᠯᠲᠤ ᠬᠤᠳᠠᠯᠳᠤᠭᠠᠨ ᠤ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠰᠢᠭᠤᠳ | ᠨᠡᠪᠲᠡᠷᠡᠭᠦᠯᠭᠡ ᠶᠢᠨ ᠲᠠᠪᠴᠠᠩ ᠳᠤ ᠲᠦᠰᠢᠭᠯᠡᠨ 《 ᠰᠦᠯᠵᠢᠶᠡᠨ ᠳᠡᠭᠡᠷ᠎ᠡ ᠪᠣᠷᠣᠯᠠᠭᠤᠯᠵᠤ 》᠂ ᠣᠯᠠᠨ ᠲᠦᠮᠡᠨ ᠤ | ᠣᠯᠠᠨ ᠡᠰᠢᠵᠢᠭᠰᠡᠨ᠂ ᠴᠢᠨᠠᠷ ᠰᠠᠶᠢᠲᠠᠶ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ ᠵᠢᠶᠠᠨ ᠯᠦᠩ | 3 A ᠲᠠᠰ ᠤᠨ ᠠᠮᠢ ᠠᠬᠤᠶ ᠶᠢᠨ ᠠᠵᠤ ᠦᠶᠯᠡᠳᠪᠦᠷᠢ ᠶᠢᠨ ᠵᠢᠭᠤᠯᠴᠢᠯᠠᠯ ᠤᠨ ᠣᠷᠣᠨ ᠢ ᠭᠤᠶᠤᠴᠢᠯᠠᠨ ᠮᠡᠳᠡᠭᠦᠯᠬᠦ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠨᠤᠭ ᠢᠳᠡᠭᠡᠨ ᠤᠮᠳᠠᠭᠠᠨ ᠤ ᠦᠶᠯᠡᠰ ᠤᠨ ᠦᠶᠯᠡᠴᠢᠯᠡᠭᠡᠨ ᠤ | ᠶᠠᠰᠤ ᠴᠢᠨᠠᠷ ᠪᠠ ᠭᠥᠯᠢᠶᠡᠨ ᠠᠪᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠤᠭᠠᠴᠠᠭᠰᠠᠳ ᠢ ᠲᠠᠲᠠᠬᠤ | ᠴᠢᠳᠠᠪᠤᠷᠢ ᠶᠢ ᠴᠢᠩᠭᠠᠷᠠᠭᠤᠯᠤᠨ᠎ᠠ᠃ ᠨᠠᠰᠤᠵᠢᠯ ᠤᠨ ᠠᠰᠠᠷᠠᠮᠵᠢ᠂ ᠬᠡᠦᠬᠡᠳ ᠤᠨ ᠴᠡᠴᠡᠷᠯᠢᠭ᠂ ᠭᠡᠷ ᠤᠨ ᠶᠠᠪᠤᠳᠠᠯ | ᠵᠡᠷᠭᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠡᠮᠵᠢᠨ᠎ᠠ᠃ ᠣᠳᠣ ᠪᠠᠶᠢᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠣᠯᠠᠨ | ᠶᠠᠩᠵᠤᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠪᠥᠬᠦ ᠬᠤᠲᠠ ᠵᠢᠴᠢ | ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ | ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠬᠠᠩᠭᠠᠯᠭ᠎ᠠ ᠶᠢ ᠲᠡᠭᠦᠯᠳᠡᠷᠵᠢᠭᠦᠯᠵᠦ᠂ ᠨᠢᠭᠡᠳᠦᠭᠡᠷ | ᠨᠣᠮᠧᠷᠲᠤ ᠪᠠᠷᠠᠭᠠᠨ ᠤ ᠭᠦᠶᠯᠭᠡᠭᠡᠨ ᠤ ᠣᠶᠤᠨᠴᠢ ᠵᠠᠰᠠᠮᠠᠯ ᠵᠠᠮ ᠤᠨ ᠭᠠᠷᠠᠮ᠂ ᠦᠵᠦᠮ ᠤᠨ ᠭᠠᠷᠤᠯᠲᠠ ᠶᠢᠨ ᠣᠷᠣᠨ | ᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠬᠥᠮᠥᠷᠭᠡᠯᠡᠬᠦ ᠲᠥᠪ ᠵᠡᠷᠭᠡ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠬᠤᠳᠠᠯᠳᠤᠭᠠᠨ ᠤ ᠶᠠᠪᠤᠳᠠᠯ ᠤᠨ | ᠶᠢᠨ ᠵᠡᠷᠭᠡ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ | ᠣᠷᠣᠭᠤᠯᠤᠨ ᠠᠪᠴᠢᠷᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠪᠦᠲᠦᠮᠵᠢᠲᠡᠶ ᠵᠣᠯᠭᠠᠭᠤᠯᠵᠤ᠂ | ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢ ᠢᠳᠡᠪᠬᠢᠲᠡᠶ ᠲᠥᠯᠥᠪᠵᠢᠭᠦᠯᠵᠦ᠂ ᠶᠦᠨ ᠹᠸᠢ ᠦᠵᠦᠮ ᠤᠨ | ᠠᠷᠢᠬᠢᠨ ᠮᠤᠬᠤᠯᠠᠭ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠨ ᠰᠧᠨ᠂ ᠶᠦᠨ | ᠹᠸᠢ᠂ ᠮᠦᠩᠭᠦᠨ ᠬᠤᠸᠠᠷ ᠵᠡᠷᠭᠡ ᠦᠵᠦᠮ ᠳᠠᠷᠢᠬᠤ ᠠᠵᠤ ᠠᠬᠤᠶᠢᠯᠠᠯ ᠳᠤ ᠲᠦᠰᠢᠭᠯᠡᠨ ᠪᠥᠬᠦ ᠠᠵᠤ ᠦᠶᠯᠡᠰ ᠤᠨ | ᠬᠡᠯᠬᠢᠶ᠎ᠡ ᠶᠢᠨ ᠪᠦᠯᠦᠭᠵᠢᠯ ᠢ ᠴᠣᠭᠴᠠᠯᠠᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠬᠥᠳᠡᠭᠡ | ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ | ᠵᠠᠰᠠᠵᠤ᠂ ᠲᠠᠷᠢᠶᠠᠨ ᠭᠠᠵᠠᠷ ᠢ 《 ᠲᠠᠷᠢᠶᠠᠯᠠᠩ ᠤᠨ ᠪᠤᠰᠤ ᠪᠣᠯᠭᠠᠬᠤ 》 ᠶᠢ ᠡᠷᠡᠰ ᠬᠤᠷᠢᠭᠯᠠᠨ ᠵᠣᠭᠰᠣᠭᠠᠵᠤ᠂ | ᠤᠰᠤ ᠠᠷᠪᠢᠯᠠᠬᠤ ᠪᠠᠷ ᠭᠤᠣᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠯᠥᠪᠵᠢᠭᠦᠯᠭᠡ | ᠶᠢ ᠡᠬᠢᠯᠡᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ 《 | ᠨᠢᠭᠡ ᠲᠣᠰᠬᠤᠨ ᠨᠢᠭᠡ ᠲᠦᠷᠦᠯ ᠲᠡᠮᠳᠡᠭ ᠨᠢᠭᠡ ᠣᠨᠴᠠᠯᠢᠭ ᠲᠠᠢ 》 ᠲᠣᠰᠬᠤᠨ ᠤ ᠬᠠᠮᠲᠤ ᠶᠢᠨ ᠬᠥᠭᠵᠢᠯᠲᠡ ᠶᠢᠨ | ᠰᠡᠳᠬᠢᠴᠡ ᠶᠢ ᠪᠠᠷᠢᠮᠲᠠᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠪᠤᠵᠠᠭᠠᠶᠢᠷᠠᠨ | ᠬᠥᠭᠵᠢᠬᠦ ᠶᠢ ᠲᠡᠳᠬᠦᠵᠦ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠦᠢᠯᠡᠰ ᠪᠤᠰᠬᠠᠬᠤ ᠲᠠᠪᠴᠠᠩ ᠳᠤ ᠲᠦᠰᠢᠭᠯᠡᠨ ᠪᠣᠷᠣᠯᠠᠭᠤᠯᠭ᠎ᠠ ᠶᠢ ᠥᠷᠭᠡᠳᠬᠡᠨ᠎ᠡ᠃ | ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠵᠢᠴᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ | ᠡᠬᠢᠯᠡᠭᠦᠯᠵᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠤᠯᠠ ᠲᠠᠯᠪᠢᠵᠤ ᠪᠠᠶᠢᠭ᠎ᠠ | ᠭᠠᠵᠠᠷ᠂ ᠦᠷ᠎ᠡ ᠠᠰᠢᠭ ᠢᠶᠠᠷ ᠳᠣᠣᠷ᠎ᠠ ᠭᠠᠵᠠᠷ ᠪᠠ ᠵᠥᠪᠰᠢᠶᠡᠷᠡᠭᠦᠯᠦᠭᠰᠡᠨ ᠪᠣᠯᠪᠠᠴᠤ ᠬᠠᠩᠭᠠᠭᠠᠳᠤᠶ ᠭᠠᠵᠠᠷ ᠬᠡᠷᠡᠭᠯᠡᠬᠦ | ᠶᠢ ᠰᠢᠶᠳᠪᠦᠷᠢᠯᠡᠬᠦ ᠡᠷᠴᠢᠮ ᠢᠶᠠᠨ ᠨᠡᠮᠡᠭᠳᠡᠭᠦᠯᠵᠦ᠂ 《 ᠦᠬᠦᠰᠢᠷᠡᠮᠡᠯ ᠠᠵᠤ ᠠᠬᠤᠶᠢᠯᠠᠯ 》 ᠢ ᠡᠷᠡᠰ | ᠰᠢᠭᠰᠢᠭᠳᠡᠭᠦᠯᠵᠦ᠂ ᠭᠦᠢᠴᠡᠳᠬᠡᠬᠦ ᠲᠤᠭ᠎ᠠ ᠶᠢ ᠳᠡᠭᠡᠭᠰᠢ ᠣᠯᠬᠤ ᠪᠠᠷ ᠴᠢᠷᠮᠠᠶᠢᠬᠤ᠂ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠰᠢᠭᠰᠢᠭᠳᠡᠭᠦᠯᠬᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠳᠠᠯᠳᠠ ᠬᠦᠴᠦᠨ ᠢ ᠠᠭᠤᠳᠠᠯᠠᠬᠤ ᠶᠢ | ᠲᠦᠯᠬᠢᠨ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠦᠷᠢᠶᠡᠯᠡᠩ ᠲᠣᠭᠤᠷᠢᠭ ᠤᠨ ᠴᠢᠬᠤᠯᠠ ᠬᠦᠴᠦᠨ | ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ 《 ᠬᠤᠳᠠᠯᠳᠤᠭ᠎ᠠ ᠪᠠᠷ ᠠᠷᠠᠯᠵᠢᠶᠠᠴᠢᠨ | ᠤᠷᠢᠬᠤ᠂ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠬᠤ 》 ᠶᠢ ᠪᠠᠷᠢᠮᠲᠠᠯᠠᠵᠤ᠂ ᠲᠣᠯᠣᠭᠠᠶᠢᠯᠠᠭᠴᠢ ᠠᠵᠤ | ᠠᠬᠤᠶᠢᠯᠠᠯ ᠤᠨ ᠳᠡᠭᠡᠳᠤ ᠳᠣᠣᠷᠠᠳᠤ ᠤᠷᠤᠰᠬᠠᠯ ᠤᠨ ᠢᠵᠢ ᠪᠦᠷᠢᠳᠦᠭᠰᠡᠨ ᠲᠥᠷᠥᠯ ᠵᠦᠢᠯ ᠢ ᠭᠤᠣᠯᠳᠠᠯᠭ᠎ᠠ ᠲᠠᠢ | ᠤᠷᠢᠨ ᠣᠷᠣᠭᠤᠯᠤᠨ᠎ᠠ᠃ ᠡᠨᠧᠷᠭᠢ ᠶᠢᠨ ᠬᠤᠷᠣᠭᠳᠠᠯ᠂ ᠤᠰᠤ᠂ ᠭᠠᠵᠠᠷ ᠬᠡᠷᠡᠭᠯᠡᠬᠦ ᠵᠡᠷᠭᠡ ᠬᠢᠵᠠᠭᠠᠷᠯᠠᠬᠤ ᠴᠢᠨᠠᠷᠲᠠᠶ | ᠭᠦᠶᠴᠡᠳᠬᠡᠯ ᠲᠤᠭ᠎ᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠦᠯᠡᠳᠡᠭᠡᠯ ᠢ ᠰᠣᠯᠢᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠬᠥᠭᠵᠢᠯᠲᠡ | ᠶᠢ ᠪᠠᠲᠤᠯᠠᠨ᠎ᠠ᠃ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ | ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ | ᠠᠬᠢᠭᠤᠯᠤᠨ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠶ | ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ | ᠠᠬᠢᠭᠤᠯᠤᠨ᠎ᠠ᠃ | ( ᠬᠤᠶᠠᠷ ) ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ | ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠶᠡᠷᠦᠩᠬᠡᠶ | ᠱᠦᠵᠢ ᠰᠢ ᠶᠢᠨ ᠫᠢᠩ ᠤᠨ 《 ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ 》 ᠶᠢᠨ ᠲᠤᠬᠠᠶ ᠴᠢᠬᠤᠯᠠ ᠥᠭᠦᠯᠡᠯᠲᠡ ᠵᠢᠴᠢ 《 ᠦᠬᠠᠶ ᠵᠢᠴᠢ ᠡᠷᠬᠢᠨ ᠲᠣᠭᠤᠷᠢᠨ | ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ 》 ᠭᠡᠬᠦ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠵᠠᠩᠭᠢᠯᠠᠭ᠎ᠠ ᠶᠢ ᠡᠵᠡᠮᠳᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠶ | ᠣᠷᠴᠢᠨ ᠲᠣᠭᠤᠷᠢᠨ ᠢ ᠨᠠᠩ ᠶᠡᠭᠡ ᠬᠡᠮᠵᠢᠶ᠎ᠡ ᠪᠠᠷ ᠰᠠᠶᠢᠵᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ | ᠠᠭᠠᠷ ᠮᠠᠨᠳᠠᠯ ᠤᠨ ᠪᠣᠬᠢᠷᠲᠤᠯ ᠢ ᠣᠨᠣᠪᠴᠢᠲᠠᠶ ᠵᠠᠰᠠᠬᠤ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠶᠢ ᠡᠷᠡᠰ ᠪᠡᠶᠡᠯᠡᠭᠦᠯᠦᠨ᠎ᠡ᠃ ᠠᠮᠢ ᠠᠬᠤᠢ ᠶᠢᠨ ᠣᠷᠴᠢᠨ ᠨᠥᠬᠦᠴᠡᠯ | ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠪᠠ ᠠᠭᠤᠷᠬᠠᠢ ᠶᠢᠨ ᠣᠷᠣᠨ ᠢ ᠵᠠᠰᠠᠬᠤ | ᠲᠤᠰᠬᠠᠢ ᠲᠥᠰᠦᠯ ᠢ ᠲᠣᠭᠲᠠᠭᠠᠨ ᠨᠡᠶᠢᠲᠡᠯᠡᠵᠦ᠂ ᠠᠭᠤᠷᠬᠠᠢ ᠶᠢᠨ ᠣᠷᠣᠨ ᠤ ᠠᠮᠢ ᠠᠬᠤᠢ ᠪᠠ ᠭᠠᠵᠠᠷ ᠰᠢᠨᠵᠢᠯᠡᠭᠡᠨ | ᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠢ ᠲᠦᠯᠬᠢᠨ ᠠᠬᠢᠭᠤᠯᠵᠤ᠂ ᠵᠠᠳᠠᠭᠠᠢ | ᠠᠭᠤᠷᠬᠠᠢ ᠶᠢ ᠵᠠᠰᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠣᠬᠢᠷᠲᠤᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠵᠤ | ᠂ ᠵᠢᠩ ᠬᠠᠢ ᠴᠠᠬᠢᠯᠭᠠᠨ ᠤ ᠦᠢᠯᠡᠳᠪᠦᠷᠢ ᠶᠢᠨ ᠦᠨᠡᠰᠦ ᠭᠠᠳᠠᠭᠰᠢᠯᠠᠭᠤᠯᠬᠤ ᠦᠢᠯᠡᠳᠪᠦᠷᠢ ᠵᠢᠴᠢ ᠡᠷᠬᠢᠨ ᠲᠣᠭᠤᠷᠢᠨ | ᠤ ᠡᠵᠡᠨ ᠦᠭᠡᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠨᠡᠭᠦᠷᠡᠰᠦᠨ ᠴᠢᠯᠠᠭᠤ ᠶᠢᠨ ᠥᠪᠡᠷᠲᠡᠭᠡᠨ ᠰᠢᠲᠠᠬᠤ ᠶᠢ | ᠵᠠᠰᠠᠬᠤ ᠶᠢ ᠪᠡᠶᠡᠯᠡᠭᠦᠯᠵᠦ᠂ ᠨᠡᠭᠦᠷᠡᠰᠦ ᠨᠡᠭᠡᠭᠡᠨ ᠮᠠᠯᠲᠠᠬᠤ ᠲᠡᠭᠡᠭᠡᠪᠦᠷᠢᠯᠡᠬᠦ ᠣᠪᠣᠭᠠᠯᠠᠨ ᠬᠠᠳᠠᠭᠠᠯᠠᠬᠤ ᠵᠡᠷᠭᠡ ᠪᠦᠬᠦ | ᠭᠤᠭᠴᠤᠭ᠎ᠠ ᠶᠢᠨ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠭᠤᠷᠬᠠᠢ ᠶᠢᠨ ᠣᠷᠣᠨ ᠤ | ᠭᠠᠯ ᠢ ᠬᠥᠳᠡᠯᠦᠩᠭᠦᠢ ᠪᠠᠷ ᠠᠷᠢᠯᠭᠠᠨ᠎ᠠ᠃ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠳᠡᠭᠳᠡᠮᠡᠬᠡᠢ ᠴᠢᠨᠠᠷ ᠲᠠᠢ ᠣᠷᠭᠠᠨᠢᠭ ᠪᠣᠳᠠᠰ ᠢ ᠵᠠᠰᠠᠬᠤ ᠪᠠ ᠬᠡᠦᠷᠰᠢᠭᠦᠯᠬᠦ ᠠᠵᠢᠯ ᠲᠥᠷᠥᠯ ᠤᠨ ᠵᠣᠬᠢᠶᠠᠨ | ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠵᠢᠶᠠᠨ ᠯᠦᠩ | ᠪᠤᠭᠤᠲᠤ ᠶᠢᠨ ᠪᠣᠯᠣᠳ ᠲᠡᠮᠦᠷ ᠤᠨ ᠸᠠᠨ ᠲᠧᠩ ᠬᠡᠲᠦ ᠳᠣᠣᠷ᠎ᠠ ᠭᠠᠳᠠᠭᠰᠢᠯᠠᠭᠤᠯᠬᠤ ᠶᠢ ᠥᠭᠡᠷᠡᠴᠢᠯᠡᠨ ᠵᠠᠰᠠᠬᠤ᠂ | ᠨᠡᠭᠦᠷᠡᠰᠦ ᠬᠡᠦᠷᠰᠢᠭᠦᠯᠬᠦ ᠬᠠᠭᠤᠷᠠᠢ ᠪᠠᠷ ᠤᠨᠲᠠᠷᠠᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠠᠵᠤ ᠠᠬᠤᠶᠢᠯᠠᠯ ᠤᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠬᠢᠨᠠᠨ ᠬᠠᠮᠢᠶᠠᠷᠴᠤ | ᠰᠢᠳᠬᠡᠨ ᠲᠣᠷᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠷᠢᠯᠭ᠎ᠠ ᠶᠢᠨ ᠭᠠᠵᠠᠷ ᠤᠨ 《 ᠵᠢᠷᠭᠤᠭᠠᠨ | ᠵᠠᠭᠤᠨ ᠤ ᠵᠠᠭᠤ 》 ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠰᠢᠩ ᠭᠡᠷ ᠤᠨ ᠲᠣᠭᠤᠷᠢᠭ ᠤᠨ | ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠲᠡᠭᠡᠭᠡᠪᠦᠷᠢ ᠶᠢᠨ | ᠪᠦᠲᠦᠴᠡ ᠳᠤ ᠲᠣᠬᠢᠷᠠᠭᠤᠯᠤᠯᠲᠠ ᠬᠢᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠲᠡᠮᠦᠷ ᠵᠠᠮ ᠤᠨ ᠭᠠᠳᠠᠭᠰᠢ | ᠲᠡᠭᠡᠭᠡᠪᠦᠷᠢᠯᠡᠬᠦ ᠬᠠᠷᠢᠴᠠᠯ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ | ᠲᠡᠷᠭᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠨᠡᠭᠦᠷᠡᠰᠦᠲᠥ᠋ᠷᠥᠭᠴᠢ ᠤᠷᠬᠢᠯ ᠳᠤ ᠲᠤᠯᠬᠤ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠭᠤᠯᠤᠯ ᠤᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠭᠤᠯᠤᠯ ᠤᠨ | ᠶᠡᠷᠦᠩᠬᠡᠢ ᠬᠡᠮᠵᠢᠶ᠎ᠡ ᠪᠠ ᠡᠷᠴᠢᠮ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ | ᠲᠦᠷᠦᠯ ᠤᠨ ᠡᠨᠧᠷᠭᠢ ᠠᠷᠪᠢᠯᠠᠬᠤ᠂ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠵᠠᠭᠠᠵᠠᠯᠠᠵᠤ ᠭᠠᠷᠭᠠᠬᠤ | ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ 2021 ᠣᠨ ᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠ ᠳᠤ ᠬᠦᠷᠦᠭᠦᠯᠬᠦ | ᠶᠢ ᠦᠨᠡᠨᠬᠦ ᠪᠠᠲᠤᠯᠠᠨ᠎ᠠ᠃ | ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠰᠤ | ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ | ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠠᠵᠤ ᠦᠢᠯᠡᠳᠪᠦᠷᠢ᠂ ᠲᠠᠷᠢᠶᠠᠯᠠᠩ ᠤᠨ ᠤᠰᠤ | ᠠᠷᠪᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠳᠠᠬᠢᠯᠲᠠ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ | ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠤᠨ | ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ 《 ᠲᠦᠷᠪᠡᠨ | ᠰᠠᠮᠠᠭᠤᠨ ᠢ ᠠᠷᠢᠯᠭᠠᠬᠤ 》 ( 17 ) ᠢ ᠦᠷᠭᠦᠯᠵᠢᠯᠡᠨ ᠲᠦᠯᠬᠢᠨ ᠠᠬᠢᠭᠤᠯᠵᠤ᠂ ᠬᠠᠳᠤᠨ ᠭᠤᠣᠯ ᠤᠨ ᠬᠠᠶᠢᠷᠤᠪ | ᠤᠨ ᠲᠤᠬᠤᠢ ᠶᠢᠨ ᠬᠡᠰᠡᠭ ᠤᠨ ᠤᠰᠤ ᠠᠪᠬᠤ ᠠᠮᠠᠰᠠᠷ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠪᠠ ᠡᠷᠭᠢ | ᠬᠠᠮᠠᠭᠠᠯᠠᠬᠤ ᠴᠠᠭᠳᠠᠨ ᠪᠠᠶᠢᠴᠠᠭᠠᠯᠲᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠶᠢᠲᠤ ᠮᠤᠷᠭᠧᠦ ᠶᠢᠨ | ᠳᠤᠤᠷᠠᠳᠤ ᠤᠷᠤᠰᠬᠠᠯ᠂ ᠵᠡᠭᠦᠨ ᠠᠭᠤᠯᠠ ᠶᠢᠨ ᠦᠶᠡᠷ ᠢ ᠰᠡᠷᠭᠡᠶᠢᠯᠡᠬᠦ ᠭᠤᠤ ᠵᠡᠷᠭᠡ ᠭᠤᠣᠯ ᠤᠨ ᠵᠠᠮ ᠢ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠭᠤᠣᠯ ᠮᠥᠷᠡᠨ ᠤ ᠵᠠᠭᠠᠭᠯᠠᠬᠤ ᠠᠵᠢᠯ ᠢ ᠪᠡᠶᠡᠯᠡᠭᠦᠯᠦᠨ᠎ᠡ᠃ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠠᠵᠤ | ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ ᠲᠠᠯᠠᠪᠤᠷ ᠭᠠᠵᠠᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ | ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠷᠢᠶᠡᠯᠡᠩ ᠲᠣᠭᠤᠷᠢᠭ᠂ ᠠᠭᠤᠷᠬᠠᠶ ᠶᠢᠨ | ᠣᠷᠣᠨ ᠤ ᠨᠣᠭᠤᠭᠠᠷᠠᠭᠤᠯᠤᠯᠲᠠ ᠪᠠ ᠠᠮᠢ ᠠᠬᠤᠶ ᠶᠢᠨ ᠰᠡᠯᠭᠦᠨ ᠰᠡᠷᠭᠦᠬᠦ ᠶᠢ ᠲᠦᠯᠬᠢᠨ ᠠᠬᠢᠭᠤᠯᠵᠤ᠂ ᠪᠣᠷᠣᠭᠠᠨ | ᠦᠶᠡᠷ ᠬᠢᠭᠡᠳ ᠬᠥᠪᠦᠮᠡᠯ ᠤᠷᠤᠰᠬᠠᠯ ᠢ ᠬᠠᠰᠢᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠡᠬᠢᠯᠡᠭᠦᠯᠵᠦ᠂ ᠭᠠᠵᠠᠷ | ᠤᠨ ᠪᠠᠶᠢᠴᠠ ᠳᠤ ᠲᠦᠰᠢᠭᠯᠡᠨ ᠠᠭᠤᠯᠠᠨ ᠦᠶᠡᠷ ᠲᠤ ᠬᠤᠷᠠᠭᠰᠠᠨ ᠪᠡᠯᠡᠳᠬᠡᠮᠵᠢ ᠶᠢ ᠠᠳᠠᠭ ᠲᠠᠭᠠᠨ 1 ᠰᠠᠭᠤᠷᠢ | ᠪᠦᠲᠦᠭᠡᠨ ᠪᠠᠶᠢᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠬᠤᠭᠤᠯᠠᠶ ᠶᠢᠨ | ᠲᠣᠣᠷ ᠢ ᠰᠣᠯᠢᠵᠤ ᠢᠵᠢ ᠪᠦᠷᠢᠳᠦᠭᠦᠯᠬᠦ ᠬᠡᠷᠡᠭᠲᠡᠶ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ | ( ᠭᠤᠷᠪᠠ ) ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠰᠢᠰᠲ᠋ᠧᠮ ᠢ | ᠲᠦᠷᠭᠡᠨ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠪᠠ ᠴᠢᠳᠠᠪᠤᠷᠢ ᠶᠢᠨ ᠣᠳᠣᠬᠢᠴᠢᠯᠠᠯᠲᠠ ᠶᠢ | ᠬᠦᠴᠦᠲᠡᠢ ᠠᠬᠢᠭᠤᠯᠤᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠤᠨ ᠲᠣᠭᠤᠷᠢᠨ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ | ᠲᠣᠭᠲᠠᠭᠤᠨ ᠢ ᠬᠠᠮᠠᠭᠠᠯᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠶᠯᠡᠴᠢᠯᠡᠭᠡᠨ ᠤ ᠲᠥᠪ ᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠵᠦ᠂ ᠣᠶᠤᠨᠴᠢ ᠦᠶᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠴᠦ᠂ ᠣᠯᠠᠨ ᠲᠦᠮᠡᠨ ᠳᠤ ᠦᠶᠯᠡᠴᠢᠯᠡᠬᠦ ᠴᠢᠳᠠᠪᠤᠷᠢ ᠪᠠᠨ ᠦᠨᠡᠨ ᠬᠦ | ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠵᠢᠯᠣᠭᠤᠳᠬᠤ ᠲᠠᠪᠴᠠᠩ ᠣᠨ | ᠪᠠᠢᠭᠤᠯᠤᠯᠲᠠ ᠶᠢ ᠲᠦᠷᠭᠡᠳᠬᠡᠵᠦ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠨᠡᠶᠢᠭᠡᠮ ᠢ | ᠪᠠᠶᠢᠭᠤᠯᠵᠤ᠂ ᠲᠣᠮᠣ ᠳ᠋ᠠᠶᠢᠲ᠋ᠠ᠂ ᠣᠶᠤᠨᠴᠢᠯᠠᠭᠰᠠᠨ ᠨᠡᠶᠢᠭᠡᠮ ᠤᠨ ᠵᠠᠰᠠᠯᠲᠠ ᠳᠠᠬᠢ ᠬᠡᠷᠡᠭᠯᠡᠯᠲᠡ ᠶᠢ ᠠᠬᠢᠭᠤᠯᠤᠨ᠎ᠠ᠃ | 《 ᠲᠣᠤᠷᠴᠢᠯᠠᠯ ᠤᠨ ᠠᠵᠢᠯᠲᠠᠨ 》 ᠤ ᠡᠩᠨᠡᠭᠡ ᠶᠢᠨ ᠲᠤᠰᠬᠠᠶᠢᠵᠢᠬᠤ᠂ ᠠᠵᠢᠯ ᠮᠡᠷᠭᠡᠵᠢᠬᠦ ᠬᠢᠷᠢ ᠬᠡᠮᠵᠢᠶ᠎ᠡ ᠪᠠ | ᠵᠥᠷᠢᠴᠡᠯ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠵᠢᠯᠣᠭᠤᠳᠬᠤ ᠲᠠᠪᠴᠠᠩ ᠳᠤ ᠲᠦᠰᠢᠭᠯᠡᠨ ᠵᠣᠬᠢᠴᠠᠩᠭᠤᠶ ᠨᠢᠭᠡᠳᠦᠯᠲᠡᠶ᠂ ᠲᠦᠷᠭᠡᠨ ᠪᠥᠭᠡᠳ ᠳᠥᠭᠦᠮ ᠳᠥᠲᠡ | ᠬᠤᠲᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠠᠶᠢᠭᠤᠯᠵᠤ᠂ 《 ᠨᠥᠬᠦᠭᠡᠰᠦ ᠣᠷᠣᠭᠤᠯᠬᠤ 》 ᠠᠷᠭ᠎ᠠ | ᠮᠠᠶ᠋ᠢᠭ ᠢᠶᠠᠷ ᠪᠣᠳᠠᠲᠠᠶ ᠶᠢ ᠡᠷᠬᠢᠮᠯᠡᠭᠰᠡᠨ ᠲᠤᠰᠠᠲᠠᠶ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ | ᠦᠷᠭᠦᠯᠵᠢᠯᠡᠨ ᠲᠣᠭᠲᠠᠭᠠᠵᠤ᠂ 《 ᠵᠡᠭᠡᠯᠢ ᠶᠢᠨ ᠳᠠᠷᠤᠭ᠎ᠠ ᠶᠢᠨ ᠲᠦᠷᠢᠮ 》 ᠢ ᠬᠡᠷᠡᠭᠵᠢᠭᠦᠯᠦᠨ᠂ 《 ᠵᠠᠰᠠᠮᠠᠯ | ᠵᠠᠮ ᠢᠶᠠᠷ ᠠᠵᠢᠯᠯᠠᠬᠤ 》 ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠳᠠᠬᠢ ᠲᠦᠭᠵᠢᠷᠡᠯ ᠪᠠ | ᠬᠦᠴᠢᠷᠳᠡᠯ ᠢ ᠴᠠᠭ ᠲᠤᠬᠠᠶ ᠳᠤᠨᠢ ᠰᠢᠶᠳᠪᠦᠷᠢᠯᠡᠨ᠎ᠡ᠃ ᠰᠢᠨ᠎ᠡ ᠴᠠᠭ ᠦᠶ᠎ᠡ ᠶᠢᠨ 《 ᠹᠧᠩ ᠴᠢᠶᠣᠤ ᠶᠢᠨ | ᠲᠤᠷᠰᠢᠯᠭ᠎ᠠ 》 ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠵᠣᠬᠢᠴᠠᠭᠤᠯᠬᠤ᠂ ᠪᠠᠯᠭᠠᠰᠤᠨ ᠠᠴᠠ | ᠲᠦᠷᠦᠭᠦᠯᠡᠨ ᠬᠢᠬᠦ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠬᠠᠮᠵᠢᠯᠴᠠᠨ ᠬᠥᠳᠡᠯᠦᠯᠴᠡᠬᠦ ᠲᠣᠭᠲᠠᠭᠤᠨ | ᠡᠵᠡᠮᠳᠡᠬᠦ ᠰᠢᠰᠲ᠋ᠧᠮ ᠢ ᠪᠠᠶᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦ ᠬᠦᠴᠦᠨ | ᠢᠶᠠᠷ ᠢᠶᠠᠨ ᠠᠷᠢᠯᠭᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠩᠭ᠎ᠠ ᠠᠳᠬᠤᠨ᠎ᠠ᠃ ᠥᠪᠡᠷᠲᠡᠭᠡᠨ | ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ | ᠢᠯᠡᠷᠡᠭᠦᠯᠦᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶᠯ ᠤᠨ ᠪᠠᠶᠢᠷᠢᠯᠠᠭᠤᠯᠤᠯᠲᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠬᠦᠴᠦᠲᠡᠶ ᠠᠬᠢᠭᠤᠯᠬᠤ ᠬᠡᠷᠡᠭᠲᠡᠶ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ | 》 ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 《 ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ 》 ᠳᠤ | ᠲᠦᠰᠢᠭᠯᠡᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠲᠣᠮᠣ ᠳ᠋ᠠᠶᠢᠲ᠋ᠠ ᠪᠠ ᠣᠶᠤᠨᠴᠢ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠰᠦᠯᠵᠢᠶᠡᠨ ᠳᠡᠭᠡᠷ᠎ᠡ 《 ᠨᠢᠭᠡ ᠯᠡ ᠰᠦᠯᠵᠢᠶ᠎ᠡ | ᠪᠠᠷ ᠨᠡᠶᠢᠳᠡᠮ ᠭᠦᠶᠴᠡᠳᠬᠡᠬᠦ 》 ᠶᠢ ᠴᠢᠷᠮᠠᠶᠢᠨ ᠪᠡᠶᠡᠯᠡᠭᠦᠯᠦᠨ᠎ᠡ᠃ ᠴᠢᠬᠤᠯᠠ ᠪᠤᠰᠤ ᠬᠢᠨᠠᠨ ᠵᠥᠪᠰᠢᠶᠡᠷᠡᠬᠦ | ᠭᠤᠭᠴᠤᠭ᠎ᠠ ᠶᠢ ᠡᠷᠡᠰ ᠴᠣᠮᠬᠠᠳᠬᠠᠵᠤ᠂ ᠭᠦᠶᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ 《 ᠦᠨᠡᠮᠯᠡᠯ ᠪᠠ | ᠭᠡᠷᠡᠴᠢ ᠶᠢ ᠰᠠᠯᠭᠠᠬᠤ 》 ᠥᠭᠡᠷᠡᠴᠢᠯᠡᠯᠲᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ 《 ᠣᠷᠣᠬᠤ ᠶᠢ | ᠵᠥᠪᠰᠢᠶᠡᠷᠡᠭᠡᠳ ᠡᠵᠡᠩᠨᠡᠬᠦ ᠶᠢ ᠥᠯᠥ ᠵᠥᠪᠰᠢᠶᠡᠷᠡᠬᠦ 》 ᠠᠰᠠᠭᠤᠳᠠᠯ ᠢ ᠰᠢᠶᠳᠪᠦᠷᠢᠯᠡᠨ᠎ᠡ᠃ ᠤᠯᠤᠰ ᠤᠨ ᠭᠠᠶᠢᠯᠢ ᠶᠢ | ᠪᠠᠭᠠᠰᠬᠠᠵᠤ ᠰᠦᠢᠳᠬᠡᠯ ᠢ ᠪᠠᠭᠤᠷᠠᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ | ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠬᠦ ᠦᠭᠡᠢ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ | ᠴᠡᠪᠡᠷᠯᠡᠨ᠎ᠡ᠃ 《 ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ 》 ᠬᠢᠨᠠᠯᠲᠠ ᠬᠠᠮᠢᠶᠠᠷᠤᠯᠲᠠ | ᠶᠢᠨ ᠬᠠᠮᠤᠷᠬᠤ ᠨᠤᠷᠮ᠎ᠠ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠲᠦᠷᠦᠯ ᠢ | ᠵᠠᠪᠠᠯ ᠪᠣᠳᠠᠲᠠᠢ ᠬᠠᠮᠢᠶᠠᠷᠬᠤ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡ ᠬᠦ ᠬᠥᠪᠴᠢ ᠶᠢ ᠴᠢᠩᠭᠠᠯᠠᠵᠤ᠂ ᠪᠠᠶᠢᠩᠭᠤᠵᠢᠬᠰᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ | ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠵᠤ᠂ ᠭᠤᠣᠯᠳᠠᠯᠭ᠎ᠠ ᠲᠠᠢ ᠬᠥᠮᠦᠰ᠂ ᠲᠠᠯᠠᠪᠤᠷ᠂ ᠭᠤᠭᠴᠤᠭ᠎ᠠ ᠶᠢᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ | ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ | ᠨᠥᠭᠡᠴᠡᠯᠡᠬᠦ ᠬᠥᠮᠥᠷᠭᠡ ᠪᠣᠯᠤᠨ ᠬᠤᠳᠠᠯᠳᠤᠭᠠᠨ ᠤ ᠭᠤᠣᠯ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠵᠡᠷᠭᠡ | ᠲᠥᠷᠥᠯ ᠵᠦᠢᠯ ᠢ ᠪᠦᠲᠦᠭᠡᠨ ᠪᠠᠶᠢᠭᠤᠯᠵᠤ᠂ ᠡᠯ᠎ᠡ ᠲᠥᠷᠥᠯ ᠤᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠶᠳᠪᠦᠷᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠠᠶᠤᠯ ᠦᠭᠡᠶ | ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠠᠶᠤᠯ ᠲᠠᠢ ᠬᠢᠮᠢ᠂ ᠠᠭᠤᠷᠬᠠᠶ᠂ ᠪᠠᠷᠢᠯᠭ᠎ᠠ ᠪᠠᠷᠢᠬᠤ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ | ᠬᠦᠷᠢᠶ᠎ᠡ ᠪᠠ ᠠᠵᠢᠯ ᠲᠥᠷᠥᠯ ᠤᠨ ᠦᠢᠯᠡᠳᠪᠦᠷᠢᠯᠡᠯ ᠤᠨ ᠠᠶᠤᠯ ᠦᠭᠡᠶ ᠶᠢ ᠴᠢᠩᠭ᠎ᠠ ᠠᠩᠬᠠᠷᠴᠤ᠂ ᠬᠥᠮᠦᠨ ᠣᠯᠠᠨ | ᠴᠤᠭᠯᠠᠷᠠᠬᠤ ᠭᠠᠵᠠᠷ ᠲᠠᠯᠠᠪᠤᠷ ᠤᠨ ᠠᠶᠤᠯ ᠦᠭᠡᠶ ᠶᠢ ᠭᠤᠣᠯᠳᠠᠯᠭ᠎ᠠ ᠲᠠᠢ ᠴᠢᠩᠭ᠎ᠠ ᠠᠩᠬᠠᠷᠴᠤ᠂ ᠬᠦᠨᠳᠦ ᠣᠨᠴᠠ | ᠶᠡᠭᠡ ᠠᠶᠤᠯ ᠦᠭᠡᠶ ᠶᠢᠨ ᠠᠳᠡᠯ ᠭᠠᠷᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠢᠳᠡᠭᠡᠨ ᠪᠠ ᠡᠮ ᠤᠨ | ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠶᠯ ᠤᠨ | ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠲᠥᠷᠥᠯ ᠵᠦᠶᠯ ᠢ | ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ | ᠵᠣᠬᠢᠴᠠᠩᠭᠤᠶ ᠲᠣᠭᠲᠠᠭᠤᠨ ᠢ ᠪᠠᠲᠤᠯᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠦᠷᠭᠡᠳᠬᠡᠨ ᠴᠡᠭᠴᠡᠯᠡᠨ ᠵᠠᠰᠠᠨ᠎ᠠ᠃ | ( ᠲᠦᠷᠪᠡ ) ᠠᠷᠠᠳ ᠤᠨ ᠠᠮᠢᠳᠤᠷᠠᠯ ᠤᠨ ᠰᠠᠭᠤᠷᠢ ᠳᠤᠲᠠᠭᠤᠳᠠᠯ ᠢ ᠨᠥᠬᠦᠪᠥᠷᠢᠯᠡᠵᠦ᠂ ᠬᠥᠭᠵᠢᠯᠲᠡ ᠶᠢᠨ | ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ | ᠠᠮᠢᠳᠤᠷᠠᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ | ᠤᠯᠠᠨ ᠲᠦᠮᠡᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠵᠢᠷᠭᠠᠯᠲᠤ ᠲᠦᠷᠦᠭᠳᠡᠯ ᠢ ᠨᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠬᠤᠲᠠ | ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠡᠮᠦᠨ᠎ᠡ ᠵᠠᠮ ᠤᠨ ᠪᠠᠷᠠᠭᠤᠨ ᠬᠡᠰᠡᠭ᠂ ᠢ ᠯᠢᠨ F ᠲᠣᠭᠤᠷᠢᠭ | ᠵᠡᠷᠭᠡ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ | ᠶᠢ ᠠᠬᠢᠭᠤᠯᠵᠤ᠂ ᠯᠦᠩ ᠰᠢᠶᠠᠩ ᠶᠠ ᠶᠤᠸᠠᠨ ᠰᠠᠭᠤᠭᠠᠯᠢ ᠲᠣᠭᠤᠷᠢᠭ ᠵᠡᠷᠭᠡ ᠭᠡᠷ ᠪᠠᠶᠢᠰᠢᠩ ᠭᠠᠵᠠᠷ ᠬᠥᠷᠥᠩᠭᠡ | ᠶᠢᠨ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 560 ᠢᠵᠢ ᠤᠨ ᠳᠥᠭᠦᠮ ᠪᠦᠳᠦᠭᠦᠯᠢᠭ | ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠰᠠᠭᠤᠳᠠᠯ ᠲᠠᠢ ᠠᠰᠠᠷ | ᠤᠨ ᠪᠦᠬᠦᠨ ᠢ ᠰᠢᠢᠳᠪᠦᠷᠢᠯᠡᠬᠦ ᠪᠠ 12 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ | ᠡᠬᠢᠯᠡᠭᠦᠯᠵᠦ᠂ 9 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ 8 ᠪᠠᠶᠢᠰᠢᠩ ᠭᠡᠷ ᠤᠨ | ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠲᠥᠷᠥᠯ ᠵᠦᠢᠯ ᠢ ᠡᠬᠢᠯᠡᠭᠦᠯᠦᠨ᠎ᠡ᠃ 30 % ᠠᠴᠠ | ᠳᠡᠭᠡᠭᠰᠢᠬᠢ ᠰᠠᠭᠤᠭᠠᠯᠢ ᠲᠣᠭᠤᠷᠢᠭ ᠢ ᠪᠣᠯᠪᠠᠰᠤᠨ ᠲᠣᠭᠤᠷᠢᠭ ( ᠨᠡᠶᠢᠭᠡᠮ ᠲᠣᠭᠤᠷᠢᠭ ) ᠤᠨ ᠡᠭᠦᠳᠦᠨ ᠪᠠᠶᠢᠭᠤᠯᠬᠤ | ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠮᠤᠵᠢ ᠶᠢᠨ ᠵᠠᠮ ᠤᠨ S 217 ᠲᠤᠰᠠᠯᠠᠬᠤ ᠵᠠᠮ ᠵᠢᠴᠢ ᠢᠵᠢ | ᠪᠦᠷᠢᠳᠦᠭᠦᠯᠬᠦ ᠢᠨᠵᠧᠨᠧᠷᠢᠩ ᠢ ᠡᠬᠢᠯᠡᠨ ᠪᠠᠶᠢᠭᠤᠯᠵᠤ᠂ 500 ᠲᠣᠨ ᠬᠤᠭ ᠨᠣᠪᠰᠢ ᠳᠠᠮᠵᠢᠭᠤᠯᠬᠤ ᠥᠷᠲᠡᠭᠡ ᠶᠢᠨ | ᠪᠠᠶᠢᠭᠤᠯᠤᠨ ᠪᠦᠲᠦᠭᠡᠬᠦ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ | ᠪᠡᠯᠡᠳᠬᠡᠮᠵᠢ ᠲᠥᠬᠦᠭᠡᠷᠦᠮᠵᠢ ᠶᠢ ᠨᠡᠮᠡᠵᠦ ᠲᠣᠬᠢᠷᠠᠭᠤᠯᠤᠨ᠂ 10 ᠬᠤᠲᠠ ᠶᠢᠨ ᠲᠣᠭᠤᠷᠢᠭ ᠤᠨ ᠵᠣᠷᠯᠣᠩ ᠢ ᠰᠢᠨ᠎ᠡ | ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 62 ᠺᠢᠯᠣᠮᠧᠲᠷ ᠪᠣᠬᠢᠷ ( ᠪᠣᠷᠣᠭᠠᠨ ) ᠤᠰᠤᠨ ᠤ ᠬᠤᠭᠤᠯᠠᠶ | ᠶᠢᠨ ᠲᠣᠤᠷ᠂ 130 ᠺᠢᠯᠣᠮᠧᠲᠷ ᠪᠠᠶᠢᠭᠠᠯᠢ ᠶᠢᠨ ᠰᠢᠲᠠᠮᠠᠬᠠᠶ ᠬᠡᠢ ᠶᠢᠨ ᠭᠤᠤᠯᠴᠢᠯᠠᠨ ᠬᠠᠮᠢᠶᠠᠷᠬᠤ ᠲᠣᠤᠷ ᠪᠣᠯᠤᠨ | ᠪᠠᠭ᠎ᠠ ᠲᠣᠭᠤᠷᠢᠭ ᠤᠨ ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ | ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ ᠴᠡᠴᠡᠷᠯᠢᠭ᠂ ᠠᠭᠤᠳᠠᠮ ᠲᠠᠯᠠᠪᠠᠢ ᠶᠢᠨ ᠨᠣᠭᠤᠭᠠᠷᠠᠭᠤᠯᠤᠯᠲᠠ ᠶᠢᠨ | ᠰᠠᠭᠤᠷᠢ ᠶᠢ ᠳᠡᠭᠡᠭᠰᠢᠯᠡᠭᠦᠯᠵᠦ᠂ ᠹᠧᠩ ᠬᠤᠸᠠᠩ ᠱᠠᠨ ᠲᠠᠮᠢᠷ ᠤᠨ ᠴᠡᠴᠡᠷᠯᠢᠭ ᠪᠠ 3 ᠪᠢᠴᠢᠯ ᠬᠡᠯᠪᠡᠷᠢ ᠶᠢᠨ | ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠵᠡᠭᠡᠯᠢ ᠭᠤᠳᠤᠮᠵᠢ ᠶᠢ ᠨᠣᠭᠤᠭᠠᠷᠠᠭᠤᠯᠤᠨ ᠭᠤᠶᠤᠵᠢᠭᠤᠯᠤᠨ᠎ᠠ᠃ | ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠥᠷᠨᠢᠭᠦᠯᠵᠦ᠂ ᠴᠡᠭᠡᠯ ᠠᠭᠤᠯᠠ ᠪᠠᠯᠭᠠᠰᠤᠨ ᠤ ᠬᠥᠳᠡᠭᠡ ᠲᠣᠰᠬᠤᠨ ᠤ ᠤᠤᠭᠤᠬᠤ ᠤᠰᠤᠨ | ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠠ ᠰᠢᠨ ᠾᠧ ᠨᠡᠶᠢᠭᠡᠮ ᠲᠣᠭᠤᠷᠢᠭ ᠤᠨ | ᠪᠣᠬᠢᠷ ᠤᠰᠤ ᠶᠢ ᠴᠤᠭᠯᠠᠭᠤᠯᠬᠤ ᠲᠥᠷᠥᠯ ᠵᠦᠶᠯ ᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠬᠤᠭ ᠨᠣᠪᠰᠢ ᠶᠢ | ᠲᠥᠷᠥᠯ ᠬᠤᠪᠢᠶᠠᠨ ᠰᠢᠶᠳᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠵᠠᠮ ᠤᠨ ᠳ᠋ᠧᠩ | ᠢ ᠥᠭᠡᠷᠡᠴᠢᠯᠡᠬᠦ᠂ ᠵᠤᠯᠵᠠᠭ᠎ᠠ ᠮᠣᠳᠣ ᠶᠢ ᠨᠣᠭᠤᠭᠠᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠠ᠃ ᠬᠤᠲᠠ ᠶᠢᠨ | ᠲᠣᠭᠤᠷᠢᠭ᠂ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠰᠠᠶᠢᠲᠤᠷ ᠠᠳᠬᠤᠨ᠎ᠠ᠃ | ᠠᠷᠠᠳ ᠤᠨ ᠦᠨᠳᠦᠰᠦᠨ ᠠᠮᠢᠳᠤᠷᠠᠯ ᠢ ᠬᠦᠴᠦᠯᠡᠨ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ | ᠬᠠᠮᠲᠤᠯᠢᠭ ᠪᠣᠯᠤᠨ ᠵᠠᠬ᠎ᠠ ᠬᠢᠵᠠᠭᠠᠷ ᠲᠤ ᠪᠠᠶᠢᠭ᠎ᠠ ᠡᠷᠦᠬᠡ ᠶᠢᠨ ᠣᠷᠣᠯᠭ᠎ᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ | ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ | ᠂ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠲᠡᠳᠬᠦᠨ ᠪᠤᠵᠠᠭᠠᠶᠢᠷᠠᠭᠤᠯᠵᠤ᠂ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠳᠤᠮᠳᠠ ᠪᠠᠭ᠎ᠠ | ᠵᠢᠵᠢᠭ ᠠᠵᠤ ᠠᠬᠤᠶᠢᠯᠠᠯ ᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠣᠲᠣ ᠶᠢᠨ ᠪᠠᠶᠢᠭ᠎ᠠ ᠠᠵᠢᠯ ᠣᠯᠭᠤᠯᠲᠠ | ᠶᠢᠨ ᠠᠵᠢᠯ ᠤᠨ ᠪᠠᠶᠢᠷᠢ ᠶᠢᠨ ᠲᠣᠭᠲᠠᠭᠤᠨ ᠢ ᠪᠠᠲᠤᠯᠠᠨ᠎ᠠ᠃ ᠠᠵᠢᠯ ᠣᠯᠭᠤᠵᠤ ᠠᠳᠠᠯ ᠦᠢᠯᠡᠰ ᠪᠣᠰᠬᠠᠬᠤ ᠶᠢ | ᠵᠣᠷᠢᠭᠵᠢᠭᠤᠯᠤᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢ ᠢᠳᠡᠪᠬᠢᠲᠡᠶ ᠪᠠᠷ ᠨᠡᠭᠡᠭᠡᠵᠦ᠂ ᠡᠷᠬᠢᠯᠡᠭᠰᠡᠨ ᠠᠵᠢᠯ ᠤᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠠᠵᠢᠯ ᠣᠯᠭᠤᠬᠤ ᠦᠢᠯᠡᠴᠢᠯᠡᠭᠡᠨ ᠢ ᠨᠡᠮᠡᠭᠳᠡᠭᠦᠯᠦᠨ᠂ ᠬᠤᠲᠠ ᠪᠠᠯᠭᠠᠰᠤ | ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠨ ᠬᠥᠮᠦᠨ ᠠᠮᠠ 2500 ᠬᠥᠮᠦᠨ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ ᠦᠨᠡᠨᠬᠦ ᠪᠠᠲᠤᠯᠠᠵᠤ᠂ ᠪᠠᠶᠢᠴᠠᠭᠠᠭᠰᠠᠨ ᠠᠵᠢᠯ ᠠᠯᠳᠠᠯᠲᠠ | ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠪᠠᠲᠤᠯᠠᠭ᠎ᠠ ᠶᠢᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ | ᠵᠠᠷᠤᠳᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠯᠦᠬᠦ ᠬᠠᠷᠢᠴᠠᠯ ᠢ 80 % ᠪᠠ 60 % ᠪᠠᠶᠢᠯᠭᠠᠬᠤ ᠶᠢ | ᠦᠨᠡᠨ ᠬᠦ ᠪᠠᠲᠤᠯᠠᠵᠤ᠂ DRG ᠵᠠᠷᠤᠳᠠᠯ ᠲᠦᠯᠦᠬᠦ ᠤᠯᠤᠰ ᠤᠨ ᠲᠤᠷᠰᠢᠯᠲᠠ ᠶᠢᠨ ᠠᠵᠢᠯ ᠢ ᠬᠠᠮᠵᠢᠯᠴᠠᠨ | ᠰᠠᠶᠢᠲᠤᠷ ᠬᠢᠵᠦ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠦᠷᠢᠮ ᠢ | ᠲᠦᠷᠭᠡᠪᠴᠢᠯᠡᠨ ᠨᠠᠶᠢᠳᠠᠪᠤᠷᠢᠵᠢᠭᠤᠯᠤᠨ᠎ᠠ᠃ ᠬᠦᠴᠢᠷᠳᠡᠯᠲᠡᠶ ᠭᠡᠷ ᠪᠦᠯᠢ ᠪᠠ ᠬᠤᠪᠢ ᠬᠥᠮᠦᠨ ᠢ ᠲᠦᠷ ᠴᠠᠭ ᠠᠪᠤᠷᠠᠨ | ᠲᠤᠰᠠᠯᠠᠬᠤ ᠶᠢ ᠴᠢᠩᠭᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ | ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠡᠯ᠎ᠡ | ᠲᠥᠷᠥᠯ ᠤᠨ ᠲᠤᠰᠠᠯᠠᠮᠵᠢ ᠶᠢᠨ ᠪᠠᠯᠠ ᠮᠥᠩᠭᠦ ᠶᠢ ᠲᠤᠭ᠎ᠠ ᠶᠣᠰᠣᠭᠠᠷ ᠭᠦᠶᠴᠡᠳ ᠲᠠᠷᠬᠠᠭᠠᠵᠤ᠂ ᠬᠦᠴᠢᠷᠳᠡᠯᠲᠡᠶ | ᠬᠥᠮᠦᠰ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠨ᠎ᠠ᠃ ᠬᠥᠯᠥᠰᠥᠨ ᠠᠵᠢᠯᠴᠢᠨ᠂ᠴᠡᠷᠢᠭ ᠤᠨ | ᠠᠯᠪᠠᠨ ᠠᠴᠠ ᠪᠠᠭᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃ 《 | ᠨᠢᠭᠡ ᠨᠠᠰᠤᠲᠠᠨ ᠨᠢᠭᠡ ᠨᠢᠯᠬ᠎ᠠ 》 ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠨᠠᠰᠤᠲᠠᠶᠢᠴᠤᠳ ᠤᠨ | ᠨᠡᠶᠢᠲᠡ ᠶᠢᠨ ᠪᠠᠶᠢᠷᠢ ᠶᠢᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠬᠦ ᠶᠢ ᠯᠠᠪᠳᠠᠭᠤᠨ ᠢᠶᠠᠷ | ᠠᠬᠢᠭᠤᠯᠵᠤ᠂ 7 ᠨᠠᠰᠤᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠ 24 ᠨᠡᠶᠢᠭᠡᠮ ᠲᠣᠭᠤᠷᠢᠭ ᠤᠨ | ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡᠨ ᠤ ᠪᠠᠶᠢᠭᠤᠯᠤᠯᠲᠠ ᠶᠢ | ᠡᠮᠬᠢ ᠵᠢᠷᠤᠮ ᠲᠠᠢ ᠥᠷᠨᠢᠭᠦᠯᠦᠨ᠎ᠡ᠃ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ | ᠦᠶᠯᠡᠴᠢᠯᠡᠭᠡ ᠬᠥᠭᠵᠢᠭᠦᠯᠬᠦ ᠶᠢ ᠦᠷᠭᠦᠯᠵᠢᠯᠡᠨ ᠳᠡᠮᠵᠢᠨ᠎ᠡ᠃ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ | ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠲᠠᠢ ᠲᠡᠩᠴᠡᠭᠦᠷᠢᠲᠡᠢ ᠪᠣᠯᠭᠠᠬᠤ ᠬᠥᠭᠵᠢᠯᠲᠡ ᠶᠢ | ᠲᠦᠷᠭᠡᠯᠡᠨ ᠠᠬᠢᠭᠤᠯᠵᠤ᠂ ᠯᠢᠨ ᠶᠢᠨ ᠪᠠᠭ᠎ᠠ ᠰᠤᠷᠭᠠᠭᠤᠯᠢ᠂ ᠪᠢᠨ ᠾᠧ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠵᠡᠷᠭᠡ 13 ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠭᠦᠯᠦᠨ ᠬᠡᠷᠡᠭᠵᠢᠭᠦᠯᠵᠦ᠂ 2 ᠬᠡᠦᠬᠡᠳ ᠤᠨ ᠴᠡᠴᠡᠷᠯᠢᠭ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠢᠷᠢ | ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠮᠡᠷᠭᠡᠵᠢᠯ ᠤᠨ | ᠰᠡᠷᠭᠡᠶᠢᠯᠡᠯᠲᠡ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠶᠢ ᠰᠦᠪᠡᠭᠴᠢᠯᠡᠨ ᠬᠡᠷᠡᠭᠵᠢᠭᠦᠯᠵᠦ᠂ ᠦᠬᠠᠶ ᠶᠢᠨ ᠾᠧᠩ | ᠱᠢ ᠳᠤᠮᠳᠠᠳᠤ ᠰᠤᠷᠭᠠᠭᠤᠯᠢ ᠵᠡᠷᠭᠡ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠨ | ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ | ᠠᠵᠢᠯ ᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ | ᠡᠭᠦᠷᠭᠡ ᠶᠢ ᠪᠡᠶᠡᠯᠡᠭᠦᠯᠦᠨ᠎ᠡ᠃ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ᠂ | ᠦᠬᠠᠶ ᠬᠤᠲᠠ ᠶᠢᠨ ᠰᠠᠺᠦᠷᠠ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠵᠡᠷᠭᠡ ᠡᠮᠴᠢᠯᠡᠭᠡᠨ ᠤ ᠰᠠᠭᠤᠷᠢ | ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠷᠡᠲᠦ ᠡᠮᠨᠡᠯᠭᠡ ᠶᠢᠨ ᠬᠤᠷᠢᠶ᠎ᠠ ᠯᠤᠭ᠎ᠠ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠢᠲᠠᠳ ᠡᠮ ᠡᠮᠨᠡᠯᠭᠡ ᠶᠢᠨ ᠦᠶᠯᠡᠰ ᠢ ᠶᠡᠬᠡᠪᠡᠷ ᠬᠥᠭᠵᠢᠭᠦᠯᠵᠦ᠂ | ᠡᠮᠴᠢᠯᠡᠭᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠤᠯᠠᠨ ᠲᠦᠮᠡᠨ ᠤ | ᠰᠣᠶᠣᠯ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ | ᠲᠠᠢ ᠤᠶᠠᠯᠳᠤᠭᠤᠯᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠪᠡ᠃ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠨ᠎ᠠ᠃ ᠱᠠᠰᠢᠨ | ᠰᠤᠷᠲᠠᠬᠤᠨ ᠤ ᠠᠵᠢᠯ ᠤᠨ ᠲᠤᠬᠠᠶ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠱᠠᠰᠢᠨ ᠰᠤᠷᠲᠠᠬᠤᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ | ᠲᠣᠬᠢᠷᠠᠯᠴᠠᠭᠤᠯᠤᠨ᠎ᠠ᠃ 《 ᠨᠠᠢᠮᠠᠳᠤᠭᠠᠷ ᠲᠠᠪᠤᠨ ᠵᠢᠯ 》 ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠥᠷᠨᠢᠭᠦᠯᠪᠡ᠃ ᠰᠢᠨ᠎ᠡ ᠪᠠᠶᠢᠳᠠᠯ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠡᠮᠡᠭᠲᠡᠶᠢᠴᠦᠳ ᠬᠡᠦᠬᠡᠳ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ | ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ᠰᠢᠨ᠎ᠡ | ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠪᠢᠳᠡ 《 ᠳᠥᠷᠪᠡᠨ ᠤᠬᠠᠮᠰᠠᠷ 》 ᠢ ᠪᠠᠲᠤ ᠪᠣᠶ ᠪᠣᠯᠭᠠᠵᠤ᠂ 《 | ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ | ᠲᠠᠰᠤᠷᠠᠯᠲᠠ ᠥᠬᠡᠶ ᠠᠬᠢᠭᠤᠯᠵᠤ᠂ ᠣᠯᠠᠨ ᠲᠦᠮᠡᠨ ᠳᠤ ᠨᠠᠩ ᠡᠷᠬᠡ ᠲᠡᠭᠰᠢ ᠲᠥᠪ ᠭᠤᠤᠯᠴᠢ ᠥᠨᠳᠥᠷ | ᠪᠦᠲᠦᠮᠵᠢᠲᠡᠶ ᠰᠢᠯᠢᠳᠡᠭ ᠦᠶᠯᠡᠴᠢᠯᠡᠭᠡ ᠬᠠᠩᠭᠠᠨ᠎ᠠ᠃ | ᠢᠮᠠᠭᠲᠠ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠢᠢᠯᠠᠭᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠤᠯᠤᠰ ᠲᠥᠷᠥ | ᠶᠢᠨ ᠪᠠᠶᠢᠭᠤᠯᠤᠯᠲᠠ ᠶᠢ ᠢᠮᠠᠭᠲᠠ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ | ᠭᠤᠶᠢᠪᠢᠰᠢ ᠥᠬᠡᠶ ᠨᠠᠶᠢᠳᠠᠪᠤᠷᠢᠵᠢᠭᠤᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ | ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ | ᠶᠢ ᠪᠡᠶᠡᠯᠡᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠨ᠎ᠠ᠃ ᠬᠡᠷᠡᠭ ᠢᠶᠠᠷ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ | ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ᠂ | ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ ᠵᠦᠶᠯ ᠤᠨ ᠢᠯᠵᠠᠷᠠᠯ ᠤᠨ ᠠᠵᠢᠯᠯᠠᠭ᠎ᠠ ᠶᠢ ᠴᠢᠩᠭ᠎ᠠ | ᠴᠡᠭᠴᠡᠯᠡᠨ ᠵᠠᠰᠠᠨ᠎ᠠ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ | ᠪᠠᠲᠤᠲᠠᠢ ᠲᠦᠯᠬᠢᠨ ᠠᠬᠢᠭᠤᠯᠪᠠ᠃ ᠲᠥᠪ ᠤᠨ ᠨᠠᠢᠮᠠᠨ ᠲᠣᠭᠲᠠᠭᠠᠯ ᠢ ᠭᠦᠨᠵᠡᠭᠡᠢ ᠲᠤᠤᠱᠯᠠᠭᠤᠯᠵᠤ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠬᠠᠤᠯᠢ ᠶᠣᠰᠣᠭᠠᠷ ᠡᠷᠬᠡ ᠪᠠᠨ | ᠬᠡᠷᠡᠭᠯᠡᠬᠦ᠂ ᠲᠦᠷᠢᠮ ᠶᠣᠰᠣᠭᠠᠷ ᠠᠵᠢᠯᠯᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ | ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ | ᠪᠦᠷᠢᠨᠰᠢᠬᠦᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ | ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠦᠨ᠂ | ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠨ᠎ᠡ᠃ ᠤᠯᠤᠰ ᠲᠦᠷᠦ ᠶᠢᠨ ᠵᠥᠪᠯᠡᠯᠭᠡᠨ ᠯᠦᠭᠡ ᠶᠢᠨ ᠨᠡᠪᠲᠡᠷᠡᠯᠴᠡᠭᠡ ᠵᠥᠪᠳᠡᠯᠴᠡᠭᠡ ᠪᠠᠨ ᠴᠢᠩᠭᠠᠳᠬᠠᠵᠤ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠬᠢᠨᠠᠮᠠᠭᠠᠢ | ᠰᠢᠢᠳᠪᠦᠷᠢᠯᠡᠵᠦ᠂ ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ᠃ ᠬᠢᠨᠠᠨ ᠪᠣᠳᠣᠵᠤ ᠬᠢᠨᠠᠯᠲᠠ ᠲᠠᠯᠪᠢᠬᠤ ᠶᠢ | ᠴᠢᠩᠭᠠᠳᠬᠠᠨ᠂ ᠬᠡᠪᠰᠢᠭᠰᠡᠨ 《 ᠠᠵᠤ ᠠᠬᠤᠢ ᠶᠢᠨ ᠪᠠᠶᠢᠴᠠᠭᠠᠯᠲᠠ 》 ᠶᠢ ᠰᠠᠶᠢᠲᠤᠷ ᠬᠢᠵᠦ᠂ ᠬᠢᠨᠠᠨ ᠪᠣᠳᠣᠯᠲᠠ | ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ | ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠪᠠ᠃ ᠠᠷᠪᠢᠴᠢ | ᠭᠠᠮᠲᠠᠶ ᠠᠮᠢᠳᠤᠷᠠᠬᠤ ᠦᠵᠡᠯ ᠰᠠᠨᠠᠭ᠎ᠠ ᠶᠢ ᠪᠣᠶ ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠴᠢᠩᠳᠠᠯᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠨ ᠤ ᠥᠷᠢ | ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠡᠩ ᠤᠨ ᠴᠢᠨᠠᠷᠲᠠᠶ ᠣᠯᠠᠨ ᠨᠡᠶᠢᠲᠡ ᠶᠢᠨ ᠵᠠᠷᠤᠯᠭ᠎ᠠ ᠶᠢ | ᠦᠷᠭᠦᠯᠵᠢᠯᠡᠨ ᠪᠠᠭᠠᠰᠬᠠᠨ᠎ᠠ᠃ ᠪᠣᠳᠠᠲᠠᠢ ᠶᠢ ᠡᠷᠬᠢᠮᠯᠡᠬᠦ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢ | ᠰᠠᠨᠠᠭᠠᠴᠢᠯᠠᠵᠤ᠂ ᠥᠷᠭᠡᠨ ᠤᠯᠠᠨ ᠺᠠᠳ᠋ᠷ ᠤᠨ ᠲᠤᠰᠬᠠᠶᠢᠵᠢᠭᠰᠠᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠤᠬᠠᠮᠰᠠᠷ ᠠᠴᠠ ᠪᠠᠨ ᠬᠢᠴᠢᠶᠡᠯ ᠨᠥᠬᠦᠪᠥᠷᠢᠯᠡᠨ ᠴᠠᠬᠢᠯᠭᠠᠨ ᠨᠥᠬᠦᠪᠥᠷᠢᠯᠡᠬᠦ ᠲᠤᠯᠭᠠᠮ ᠰᠡᠳᠬᠢᠯᠭᠡ ᠪᠠᠨ | ᠴᠢᠩᠭᠠᠳᠬᠠᠵᠤ᠂ ᠴᠠᠭ ᠦᠶ᠎ᠡ ᠶᠢᠨ ᠤᠷᠤᠰᠬᠠᠯ ᠢ ᠳᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠢᠴᠢᠭ ᠮᠠᠲ᠋ᠧᠷᠢᠶᠠᠯ ᠢ ᠴᠥᠭᠡᠳᠬᠡᠵᠦ ᠬᠤᠷᠠᠯ ᠢ ᠴᠥᠭᠡᠳᠬᠡᠬᠦ ᠱᠠᠭᠠᠷᠳᠠᠯᠭ᠎ᠠ | ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠵᠠᠰᠠᠭ ᠤᠨ ᠣᠷᠳᠣᠨ | ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠪᠠ᠃ ᠲᠥᠰᠦᠪ ᠤᠨ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠲᠡᠭ ᠰᠠᠭᠤᠷᠢ ᠲᠥᠰᠦᠪ ᠤᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ | ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠣᠲᠣ ᠦᠶ᠎ᠡ ᠶᠢᠨ ᠠᠵᠤ | ᠠᠬᠤᠶᠢᠯᠠᠯ ᠤᠨ ᠲᠦᠷᠢᠮ ᠢ ᠪᠦᠷᠢᠨᠰᠢᠭᠦᠯᠦᠨ᠂ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠪᠠᠶᠢᠭᠤᠯᠭ᠎ᠠ | ᠠᠵᠢᠯ ᠦᠶᠯᠡᠰ ᠤᠨ ᠨᠢᠭᠡᠴᠢ ᠶᠢᠨ ᠡᠳ᠋ ᠬᠥᠷᠥᠩᠭᠡ ᠶᠢ ᠪᠥᠬᠦ ᠲᠠᠯ᠎ᠠ ᠪᠠᠷ ᠴᠡᠪᠡᠷᠯᠡᠬᠦ᠂ ᠬᠡᠷ ᠬᠥᠷᠥᠩᠭᠡ ᠶᠢ ᠴᠡᠪᠡᠷᠯᠡᠬᠦ | ᠂ ᠭᠠᠵᠠᠷ ᠰᠢᠷᠣᠶ ᠶᠢ ᠴᠡᠪᠡᠷᠯᠡᠬᠦ᠂ ᠠᠵᠢᠯᠲᠠᠨ ᠢ ᠴᠡᠪᠡᠷᠯᠡᠬᠦ ᠶᠢ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢ ᠤᠯᠠᠮ ᠴᠢᠨᠠᠭᠰᠢᠳᠠ ᠠᠮᠢᠳᠤᠯᠢᠭ ᠪᠣᠯᠭᠠᠨ᠎ᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ | ᠶᠢᠨ ᠡᠭᠦᠷᠭᠡ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠲᠥᠷᠥᠯ ᠤᠨ ᠲᠥᠷᠥᠯ ᠵᠦᠢᠯ ᠤᠨ ᠦᠨ᠎ᠡ ᠬᠠᠩᠰᠢ ᠶᠢ ᠬᠢᠨᠠᠨ | ᠲᠣᠭᠲᠠᠭᠠᠵᠤ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃《 ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠰᠢᠯᠤᠭᠤᠳᠬᠠᠬᠤ 》ᠠᠵᠠ ᠲᠣᠬᠢᠶᠠᠯ ᠢ ᠪᠠᠲᠤ ᠡᠵᠡᠮᠳᠡᠵᠦ᠂ ᠠᠵᠤ ᠦᠶᠯᠡᠰ ᠤᠨ ᠬᠡᠯᠬᠢᠶ᠎ᠡ ᠶᠢ ᠨᠥᠬᠦᠪᠥᠷᠢᠯᠡᠬᠦ᠂ | ᠳᠡᠭᠡᠳᠦ ᠳᠣᠤᠷᠠᠳᠤ ᠤᠷᠤᠰᠬᠠᠯ ᠤᠨ ᠬᠠᠩᠭᠠᠯᠭ᠎ᠠ᠂ ᠦᠶᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ | ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠬᠥᠭᠵᠢᠭᠰᠡᠨ ᠭᠠᠵᠠᠷ | ᠣᠷᠣᠨ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠬᠠᠮᠲᠤᠷᠠᠯᠴᠠᠨ ᠬᠥᠭᠵᠢᠬᠦ ᠶᠢ ᠴᠢᠩᠭᠠᠳᠬᠠᠨ᠎ᠠ᠃ | ᠲᠥᠯᠥᠭᠡᠯᠡᠭᠴᠢᠳ ᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠨᠢᠭᠡᠨᠲᠡ ᠡᠬᠢᠯᠡᠪᠡ᠂ ᠭᠠᠭᠴᠠ ᠬᠦ ᠦᠨᠡᠨ ᠪᠣᠳᠠᠲᠠᠢ ᠠᠵᠢᠯᠯᠠᠵᠤ ᠡᠷᠡᠯᠬᠡᠭᠯᠡᠨ ᠲᠡᠮᠡᠴᠡᠪᠡᠯ | ᠰᠠᠶ᠋ᠢ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ | ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠥᠬᠦᠷᠡᠰᠢ ᠥᠬᠡᠶ ᠲᠡᠮᠡᠴᠡᠵᠦ᠂《 ᠠᠷᠪᠠᠨ | ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ | ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠶ᠎ᠠ᠃ |