ᠬᠠᠶᠢᠷᠤᠪ ᠤᠨ ᠲᠣᠬᠤᠢ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/4/2
    《 ᠪᠢ ᠲᠠᠨ ᠢ ᠬᠠᠪᠰᠤᠷᠬᠤ 》 ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷ᠎ᠠ ᠎ ᠶᠢᠨ ᠦᠶᠯᠡᠴᠢᠯᠡᠭᠡᠨ ᠤ ᠪᠦᠲᠦᠮᠵᠢᠲᠡᠶ ᠥᠷᠨᠢᠬᠦ ᠶᠢ ᠭᠦᠨᠵᠡᠭᠡᠶ ᠠᠬᠢᠭᠤᠯᠵᠤ᠂ ᠪᠣᠯᠪᠠᠰᠤᠨ ᠤ ᠦᠶᠯᠡᠳᠦᠯᠭᠡᠵᠢᠭᠦᠯᠦᠭᠴᠢ ᠂ ᠤᠬᠠᠭᠤᠯᠤᠭᠴᠢ ᠶᠢᠨ ᠠᠵᠢᠯ ᠤᠨ ᠲᠦᠪᠰᠢᠨ ᠪᠠ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠨᠠᠮ ᠤᠨ ᠲᠠᠭᠤᠨ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ 3 ᠰᠠᠷ᠎ᠠ ᠶᠢᠨ 31᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠎ ᠤᠨ ᠬᠤᠷᠠᠯ ᠡᠷᠭᠢᠯᠡᠪᠡ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠶᠠᠩ ᠬᠦᠶ ᡁᠢ ᠶᠢ ᠤᠷᠢᠵᠤ᠂ ᠰᠠᠶᠢᠨ ᠳᠤᠷ᠎ᠠ ᠎ ᠶᠢᠨ ᠦᠶᠯᠡᠴᠢᠯᠡᠭᠡᠨ ᠤ ᠲᠥᠷᠥᠯ ᠵᠦᠶᠯ ᠢ ᠬᠡᠷᠬᠢᠨ ᠭᠦᠨᠵᠡᠭᠡᠶ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠎ ᠢ ᠲᠠᠷᠢᠬᠢᠨ ᠳᠤᠨᠢ ᠬᠠᠳᠠᠩᠰᠢᠭᠤᠯᠵᠤ᠂ 《 ᠪᠢ ᠲᠠᠨ ᠢ ᠬᠠᠪᠰᠤᠷᠤᠨ᠎ᠠ 》 ᠭᠡᠬᠦ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠥᠭᠵᠢᠮᠳᠡᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠠᠶᠢᠨ ᠳᠤᠷ᠎ᠠ ᠶᠢᠨ ᠦᠶᠯᠡᠴᠢᠯᠡᠭᠡ ᠥᠷᠨᠢᠭᠦᠯᠬᠦ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃      ᠪᠣᠯᠪᠠᠰᠤᠷᠠᠭᠤᠯᠤᠯ ᠤᠨ ᠠᠭᠤᠯᠭ᠎ᠠ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠎ ᠤᠨ ᠴᠠᠭ ᠦᠶ᠎ᠡ ᠶᠢᠨ ᠠᠬᠤᠶ ᠪᠠᠶᠢᠳᠠᠯ ᠪᠠ ᠭᠤᠤᠯ ᠪᠣᠷᠣ ᠲᠥᠯᠥᠪ ᠢ ᠪᠠᠭᠲᠠᠭᠠᠵᠤ᠂ ᠰᠠᠶᠢᠨ ᠳᠤᠷ᠎ᠠ ᠶᠢᠨ ᠦᠶᠯᠡᠴᠢᠯᠡᠭᠡ ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠬᠡᠷᠬᠢᠨ ᠯᠠᠪᠳᠠᠭᠤᠨ ᠪᠠᠲᠤᠲᠠᠶ ᠠᠬᠢᠭᠤᠯᠬᠤ᠂ ᠦᠨᠳᠦᠰᠦᠨ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠢ ᠬᠡᠷᠬᠢᠨ ᠥᠷᠨᠢᠭᠦᠯᠬᠦ ᠎ ᠶᠢᠨ ᠬᠠᠮᠲᠤ᠂ ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠤᠨ ᠲᠣᠪᠣᠶᠢᠮ᠎ᠠ ᠬᠡᠷᠡᠭ ᠤᠨ ᠵᠢᠱᠢᠶ᠎ᠡ ᠶᠢ ᠬᠤᠪᠢᠶᠠᠯᠴᠠᠪᠠ᠃ ᠠᠮᠢᠳᠤᠯᠢᠭ ᠨᠠᠷᠢᠯᠢᠭ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠲᠠᠷᠠᠭᠠᠴᠢ ᠶᠢᠨ ᠠᠯᠬᠤᠮ ᠤᠨ 《 ᠪᠢ ᠲᠠᠨ ᠢ ᠬᠠᠪᠰᠤᠷᠤᠨ᠎ᠠ 》 ᠭᠡᠬᠦ ᠦᠶᠯᠡᠳᠦᠯᠭᠡ ᠶᠢᠨ ᠠᠵᠢᠯᠯᠠᠭ᠎ᠠ ᠶᠢᠨ ᠠᠵᠢᠯ ᠢ ᠥᠷᠨᠢᠭᠦᠯᠬᠦ ᠳᠤ ᠣᠨᠣᠯ ᠤᠨ ᠳᠡᠮᠵᠢᠯᠭᠡ ᠪᠠ ᠠᠵᠢᠯᠯᠠᠭᠠᠨ ᠤ ᠵᠢᠯᠣᠭᠤᠳᠣᠯᠭ᠎ᠠ ᠬᠠᠩᠭᠠᠪᠠ᠃ ᠪᠣᠯᠪᠠᠰᠤᠷᠠᠯ ᠨᠢ ᠪᠣᠳᠠᠲᠤ ᠬᠡᠷᠡᠭᠴᠡᠭᠡ ᠲᠠᠢ᠂ ᠤᠯᠠᠨ ᠲᠦᠮᠡᠨ ᠲᠠᠢ ᠤᠢᠢᠷᠠᠳᠤᠭᠰᠠᠨ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠲᠤᠷᠰᠢᠯᠭ᠎ᠠ ᠪᠠ ᠲᠦᠷᠦᠭᠳᠡᠯ ᠢᠶᠠᠨ ᠬᠤᠪᠢᠶᠠᠯᠴᠠᠵᠤ᠂ ᠪᠣᠯᠪᠠᠰᠤᠷᠠᠯ ᠳᠤ ᠣᠷᠣᠯᠴᠠᠭᠰᠠᠨ ᠪᠦᠬᠦ ᠬᠥᠮᠦᠰ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠡᠷᠬᠢᠨ ᠥᠷᠨᠢᠭᠦᠯᠬᠦ ᠲᠤᠬᠠᠢ ᠨᠡᠩ ᠰᠢᠰᠲ᠋ᠧᠮ ᠲᠠᠢ᠂ ᠪᠦᠬᠦ ᠲᠠᠯ᠎ᠠ ᠶᠢᠨ᠂ ᠭᠦᠨᠵᠡᠭᠡᠢ ᠲᠠᠨᠢᠯᠲᠠ ᠲᠠᠢ ᠪᠣᠯᠭᠠᠪᠠ᠃      ᠲᠠᠷᠠᠭ᠎ᠠ ᠨᠢ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠨᠤᠯ ᠤᠨ ᠤᠬᠠᠭᠤᠯᠭ᠎ᠠ ᠎ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠶᠠᠩ ᠬᠦᠢ ᡁᠢ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠳᠤ ᠰᠠᠭᠤᠷᠢᠯᠠᠵᠤ᠂ 《 ᠪᠢ ᠲᠠᠨ ᠢ ᠬᠠᠪᠰᠤᠷᠤᠨ ᠰᠠᠶᠢᠨ ᠤᠬᠠᠭᠤᠯᠭ᠎ᠠ ᠬᠢᠬᠦ 》 ᠰᠤᠷᠤᠯᠴᠠᠯᠭ᠎ᠠ ᠬᠥᠮᠦᠵᠢᠯ ᠢ ᠥᠷᠨᠢᠭᠦᠯᠪᠡ᠃ ᠣᠯᠠᠨ ᠢ ᠵᠢᠯᠣᠭᠤᠳᠤᠨ ᠨᠠᠮ ᠤᠨ ᠲᠡᠦᠬᠡ ᠶᠢᠨ ᠬᠥᠮᠦᠵᠢᠯ ᠢ ᠠᠷᠠᠳ ᠲᠦᠮᠡᠨ ᠳᠤ ᠦᠶᠯᠡᠴᠢᠯᠡᠬᠦ ᠲᠠᠢ ᠤᠶᠠᠯᠳᠤᠭᠤᠯᠵᠤ᠂ ᠦᠶᠯᠡᠴᠢᠯᠡᠭᠡᠨ ᠤ ᠬᠡᠯᠪᠡᠷᠢ ᠶᠢ ᠨᠠᠷᠢᠯᠢᠭᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ 《 ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ 》 ᠠᠵᠢᠯ ᠤᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠤᠨ᠎ᠠ᠃      ᠡᠨᠡ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠣᠯᠠᠨ ᠢᠶᠠᠷ ᠢᠶᠠᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠤᠬᠠᠶ ᠰᠢᠨ᠎ᠡ ᠲᠠᠨᠢᠯᠲᠠ ᠲᠠᠢ ᠪᠣᠯᠵᠣ᠂ ᠳᠣᠲᠣᠷ᠎ᠠ ᠪᠠᠨ ᠪᠠᠰᠠ ᠰᠡᠳᠬᠢᠮᠵᠢ ᠲᠠᠢ ᠪᠣᠯᠵᠣ᠂ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠬᠥᠪᠴᠢᠯᠡᠵᠡᠶ᠂ ᠬᠤᠶᠢᠰᠢᠳᠠ ᠣᠨᠣᠯ ᠎ ᠤᠨ ᠬᠢᠷᠢ ᠲᠦᠪᠰᠢᠨ ᠪᠠ ᠤᠬᠠᠭᠤᠯᠤᠨ ᠲᠠᠶᠢᠯᠪᠤᠷᠢᠯᠠᠬᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠡᠭᠦᠷᠭᠡ ᠶᠢ ᠣᠨᠣᠪᠴᠢᠲᠠᠶ ᠡᠵᠡᠮᠰᠢᠨ᠂ ᠠᠵᠢᠯᠯᠠᠬᠤ ᠠᠷᠭ᠎ᠠ ᠶᠢ ᠰᠠᠶᠢᠲᠤᠷ ᠡᠵᠡᠮᠰᠢᠵᠦ᠂ ᠪᠣᠯᠪᠠᠰᠤᠨ ᠦᠶᠯᠡᠳᠦᠯᠭᠡ ᠶᠢᠨ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ ᠭᠡᠵᠦ ᠢᠯᠡᠷᠬᠡᠶᠢᠯᠡᠵᠡᠶ᠃      ᠤᠷᠢᠬᠠᠨ ᠰᠠᠯᠬᠢ ᠥᠭᠭᠢᠶᠡᠮᠦᠷ ᠬᠤᠷ᠎ᠠ ᠲᠦᠮᠡᠨ ᠪᠣᠳᠠᠰ ᠢ ᠤᠮᠳᠠᠯᠠᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠬᠠᠶᠢᠷᠤᠪ ᠎ ᠤᠨ ᠲᠤᠬᠤᠢ ᠲᠣᠭᠤᠷᠢᠭ 《 ᠪᠢ ᠲᠠᠨ ᠢ ᠬᠠᠪᠰᠤᠷᠤᠨ᠎ᠠ 》 ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢᠶᠠᠷ ᠳᠠᠮᠵᠢᠭᠤᠯᠤᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ 《 ᠡᠴᠦᠰ ᠤᠨ ᠨᠢᠭᠡ ᠺᠢᠯᠤᠮᠧᠳ᠋ᠷ 》᠎ ᠢ ᠬᠦᠴᠦᠯᠡᠨ ᠨᠡᠪᠲᠡᠷᠡᠭᠦᠯᠵᠦ᠂ ᠤᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠪᠠ ᠵᠢᠷᠭᠠᠯᠲᠤ ᠲᠦᠷᠦᠭᠳᠡᠯ ᠤᠯᠭᠤᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号