ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2021 ᠣᠨ ᠤ 3 ᠰᠠᠷ᠎ᠠ ᠶᠢᠨ 30 ᠤ ᠡᠳᠦᠷ ᠤᠨ | ᠦᠳᠡ ᠶᠢᠨ ᠡᠮᠦᠨ᠎ᠡ᠂ ᠹᠧᠩ ᠬᠤᠸᠠᠩ ᠯᠢᠩ ᠵᠡᠭᠡᠯᠢ ᠭᠤᠳᠤᠮᠵᠢ ᠳᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠹᠧᠩ ᠬᠤᠸᠠᠩ ᠯᠢᠩ | ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ | ᠶᠢᠨ ᠭᠡᠰᠢᠭᠦᠨ ᠯᠢᠦᠶ ᠬᠠᠶ ᡁᠢ ᠬᠤᠷᠠᠯ ᠡᠷᠭᠢᠯᠡᠵᠦ᠂ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠬᠠᠮᠢᠶ᠎ᠠ ᠪᠥᠬᠦᠶ | ᠰᠠᠯᠠᠭ᠎ᠠ ᠲᠠᠰᠤᠭ ᠤᠨ ᠠᠵᠢᠯᠲᠠᠨ ᠪᠣᠯᠤᠨ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》 ᠤᠨ ᠪᠦᠷᠢᠯᠳᠦᠬᠦᠨ | ᠲᠣᠰ ᠤᠳᠠᠭ᠎ᠠ ᠶᠢᠨ ᠬᠤᠷᠠᠯ ᠳᠤ ᠣᠷᠣᠯᠴᠠᠪᠠ᠃ | | ᠬᠤᠷᠠᠯ ᠠᠴᠠ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠤᠯᠤᠰ ᠲᠥᠷᠥ ᠬᠠᠤᠯᠢ ᠴᠠᠭᠠᠵᠠ ᠶᠢᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠲᠤᠬᠠᠶ ᠬᠠᠮᠢᠶ᠎ᠠ ᠪᠥᠬᠦᠶ | ᠱᠠᠭᠠᠷᠳᠠᠯᠭ᠎ᠠ ᠪᠣᠯᠤᠨ ᠲᠠᠷᠠᠭᠠᠴᠢ ᠶᠢᠨ ᠠᠯᠬᠤᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠤᠯᠠᠮᠵᠢᠯᠠᠪᠠ᠃ ᠬᠤᠷᠠᠯ ᠠᠴᠠ ᠪᠦᠬᠦ ᠠᠵᠢᠯᠲᠠᠳ ᠦᠵᠡᠯ ᠰᠠᠨᠠᠭ᠎ᠠ ᠪᠠᠨ | ᠨᠢᠭᠡᠳᠬᠡᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠤᠳᠠᠭᠠᠨ ᠤ ᠬᠥᠮᠦᠵᠢᠯ ᠴᠡᠭᠴᠡᠯᠡᠯᠲᠡ | ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠠᠪᠠᠯ ᠬᠥᠮᠦᠵᠢᠯ ᠴᠡᠭᠴᠡᠯᠡᠯᠲᠡ ᠶᠢᠨ | ᠬᠡᠷᠡᠭᠵᠢᠭᠦᠯᠬᠦ ᠲᠥᠰᠦᠯ ᠢ ᠴᠢᠩᠭ᠎ᠠ ᠵᠢᠷᠤᠮᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠨᠢᠭᠡ ᠳᠤ᠂ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠢᠯᠡ ᠪᠠᠶᠢᠷᠢᠨ ᠳᠤ ᠡᠯᠭᠦᠮᠡᠯ ᠪᠢᠴᠢᠭᠡᠰᠦ ᠪᠤᠶᠤ ᠥᠩᠬᠦᠷᠢᠭᠦᠯ | ᠡᠯᠧᠺᠲᠷᠣᠨ ᠳᠡᠯᠭᠡᠴᠡ ᠡᠯᠭᠦᠵᠦ᠂ ᠰᠠᠭᠤᠭᠠᠯᠢ ᠠᠷᠠᠳ ᠤᠨ ᠮᠡᠳᠡᠬᠦ ᠨᠣᠷᠮ᠎ᠠ᠂ ᠣᠷᠣᠯᠴᠠᠬᠤ ᠨᠣᠷᠮ᠎ᠠ ᠶᠢ | ᠳᠡᠭᠡᠭᠰᠢᠯᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠲᠡᠢ᠃ ᠬᠤᠶᠠᠷ ᠲᠤ ᠲᠠᠶᠢᠯᠪᠤᠷᠢᠯᠠᠬᠤ | ᠠᠵᠢᠯ ᠢ ᠨᠠᠷᠢᠯᠢᠭ ᠬᠢᠵᠦ᠂ ᠰᠤᠷᠭᠠᠨ ᠬᠥᠮᠦᠵᠢᠭᠦᠯᠵᠦ ᠴᠡᠭᠴᠡᠯᠡᠬᠦ ᠪᠠᠷ ᠭᠤᠣᠯᠳᠠᠯᠭ᠎ᠠ ᠪᠣᠯᠭᠠᠨ ᠲᠠᠶᠢᠯᠪᠤᠷᠢᠯᠠᠬᠤ | ᠠᠵᠢᠯ ᠢ ᠥᠷᠨᠢᠭᠦᠯᠬᠦ ᠬᠡᠷᠡᠭᠲᠡᠢ᠃ ᠭᠤᠷᠪᠠ ᠳᠤ ᠰᠤᠷᠭᠠᠨ ᠬᠥᠮᠦᠵᠢᠭᠦᠯᠵᠦ ᠴᠡᠭᠴᠡᠯᠡᠬᠦ ᠬᠤᠯᠪᠣᠭᠳᠠᠯ ᠪᠦᠬᠦᠢ ᠠᠵᠢᠯ | ᠤᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠶᠢ ᠡᠮᠬᠢᠳᠬᠡᠨ ᠬᠤᠷᠢᠶᠠᠩᠭᠤᠶᠢᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃ |