4 ᠰᠠᠷ᠎ᠠ ᠶᠢᠨ 1 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ | ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 222 ᠳ᠋ᠤᠭᠠᠷ ᠤᠳᠠᠭ᠎ᠠ ᠶᠢᠨ ( ᠥᠷᠭᠡᠳᠬᠡᠭᠰᠡᠨ ) ᠬᠤᠷᠠᠯ ᠵᠢᠴᠢ | ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠵᠥᠪᠯᠡᠯ ᠤᠨ ᠨᠢᠭᠡᠳᠦᠭᠡᠷ ᠤᠳᠠᠭ᠎ᠠ | ᠶᠢᠨ ᠬᠤᠷᠠᠯ ᠬᠤᠷᠠᠯᠳᠤᠪᠠ᠃ | | ᠬᠤᠷᠠᠯ ᠠᠴᠠ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ | ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠠᠷᠪᠠᠨ ᠨᠢᠭᠡᠳᠦᠭᠡᠷ ᠤᠳᠠᠭ᠎ᠠ ᠶᠢᠨ ᠸᠢᠳᠢᠣ᠋ | ᠲᠤᠬᠢᠷᠠᠭᠤᠯᠤᠯᠳᠠ ᠶᠢᠨ ᠬᠤᠷᠠᠯ ᠪᠣᠯᠤᠨ ᠯᠢᠦ ᠴᠢ ᠹᠠᠨ ᠤ ᠥᠪᠡᠷᠲᠡᠭᠡᠨ ᠵᠠᠰᠠᠬᠤ ᠣᠷᠣᠨ ᠤ ᠲᠥᠪ ᠤᠨ ᠨᠠᠢᠮᠠᠳᠤᠭᠠᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ | ᠰᠢᠢᠳᠪᠦᠷᠢᠯᠡᠬᠦ ᠠᠵᠢᠯ ᠤᠨ ᠠᠷᠪᠠᠳᠤᠭᠠᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠳᠡᠭᠡᠷᠡᠬᠢ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠦᠬᠠᠶ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ《 ᠡᠯ᠎ᠡ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠶᠡᠷᠦᠩᠬᠡᠶ ᠠᠩᠭᠢ ᠶᠢᠨ ᠲᠣᠮᠢᠯᠠᠨ ᠰᠠᠭᠤᠯᠭᠠᠬᠤ ᠬᠠᠪᠰᠤᠷᠤᠨ ᠲᠡᠳᠬᠦᠬᠦ ᠠᠵᠢᠯ ᠢ ᠳᠠᠭᠤᠰᠬᠠᠬᠤ ᠲᠤᠬᠠᠶ | ᠮᠡᠳᠡᠭᠳᠡᠯ 》 ᠤᠨ ᠵᠣᠷᠢᠭ ᠰᠠᠨᠠᠭ᠎ᠠ ᠶᠢ ᠤᠯᠠᠮᠵᠢᠯᠠᠪᠠ᠃《 ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠨᠠᠷᠢᠨ ᠲᠠᠩᠰᠠ ( ᠬᠢᠨᠠᠭᠤᠯᠬᠤ ᠨᠤᠤᠷᠠᠭ ) 》 ᠶᠢ ᠰᠤᠳᠤᠯᠤᠨ ᠬᠢᠨᠠᠨ ᠵᠥᠪᠯᠡᠪᠡ᠃《 | ᠬᠠᠶᠢᠷᠤᠪ ᠤᠨ ᠲᠣᠬᠤᠢ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠤᠯᠭ᠎ᠠ ᠶᠢᠨ | ᠳᠠᠭᠠᠭᠠᠴᠢᠯᠠᠨ ᠬᠤᠯᠪᠣᠭᠠᠯᠠᠬᠤ ᠲᠥᠰᠦᠯ ( ᠬᠢᠨᠠᠨ ᠵᠥᠪᠯᠡᠬᠦ ᠨᠣᠣᠷᠠᠭ ) 》᠂《 ᠬᠠᠶᠢᠷᠤᠪ ᠤᠨ ᠲᠣᠬᠤᠶ | ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ | ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ ( ᠬᠢᠨᠠᠨ ᠵᠥᠪᠯᠡᠬᠦ ᠨᠣᠤᠷᠠᠭ ) 》᠂《 | ᠬᠠᠶᠢᠷᠤᠪ ᠤᠨ ᠲᠣᠬᠤᠶ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ | ᠬᠡᠷᠡᠭᠵᠢᠭᠦᠯᠬᠦ ᠲᠥᠰᠦᠯ ( ᠬᠢᠨᠠᠨ ᠵᠥᠪᠯᠡᠬᠦ ᠨᠣᠤᠷᠠᠭ ) 》᠂《 ᠬᠠᠶᠢᠷᠤᠪ ᠤᠨ ᠲᠣᠬᠤᠢ ᠲᠣᠭᠤᠷᠢᠭ ᠤᠨ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢᠨ ᠲᠥᠰᠦᠯ ( ᠬᠢᠨᠠᠨ ᠵᠥᠪᠯᠡᠬᠦ ᠨᠣᠣᠷᠠᠭ ) 》᠂《 ᠬᠠᠶᠢᠷᠤᠪ ᠤᠨ ᠲᠤᠬᠤᠢ ᠲᠣᠭᠤᠷᠢᠭ | ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ( | 2021 ᠣᠨ —2023 ᠣᠨ ) 》 ( ᠬᠢᠨᠠᠨ ᠵᠥᠪᠯᠡᠬᠦ ᠨᠤᠤᠷᠠᠭ ) ᠶᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠠᠭᠤᠰᠤᠯᠴᠠᠭᠤᠯᠤᠨ ᠨᠡᠪᠲᠡᠷᠡᠭᠦᠯᠵᠦ᠂ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ | ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠳᠡᠭᠡᠷ᠎ᠡ | ᠬᠦᠴᠦ ᠲᠠᠯᠪᠢᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠥᠨ ᠳᠠᠭᠠᠭᠤᠯᠵᠤ ᠪᠠᠶᠢᠭᠠᠳ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶ ᠶᠢᠨ ᠦᠷᠭᠦᠯᠵᠢᠯᠡᠨ ᠰᠡᠷᠭᠦᠬᠦ ᠪᠠ ᠲᠣᠭᠲᠠᠭᠤᠨ | ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂《 ᠵᠢᠷᠭᠤᠭ᠎ᠠ ᠶᠢ ᠲᠣᠭᠲᠠᠪᠤᠷᠢᠵᠢᠭᠤᠯᠬᠤ 》᠂《 | ᠵᠢᠷᠭᠤᠭ᠎ᠠ ᠶᠢ ᠪᠠᠲᠤᠯᠠᠬᠤ 》 ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ | ᠠᠬᠤᠶ ᠶᠢᠨ ᠦᠶᠯᠡᠳᠪᠦᠷᠢᠯᠡᠯ᠂ ᠠᠵᠤ ᠦᠶᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠪᠠ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠵᠡᠷᠭᠡ ᠠᠵᠢᠯ ᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠲᠦᠷᠦᠯ ᠵᠦᠢᠯ ᠤᠨ ᠬᠠᠷᠢᠭᠤᠴᠠᠯᠭ᠎ᠠ ᠶᠢᠨ | ᠲᠦᠷᠢᠮ ᠢ ᠰᠠᠶᠢᠲᠤᠷ ᠬᠡᠷᠡᠭᠵᠢᠭᠦᠯᠵᠦ᠂ ᠵᠢᠷᠤᠭ ᠡᠯᠭᠦᠨ ᠪᠠᠶᠢᠯᠳᠤᠬᠤ᠂ ᠪᠠᠷᠢᠯᠭ᠎ᠠ ᠶᠢᠨ ᠬᠤᠭᠤᠴᠠᠭ᠎ᠠ ᠶᠢ ᠭᠡᠳᠡᠷᠬᠦ | ᠵᠢᠭᠰᠠᠭᠠᠬᠤ ᠬᠠᠮᠢᠶᠠᠷᠤᠯᠲᠠ ᠶᠢ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ | ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂《 ᠠᠰᠠᠷᠠᠭᠴᠢ ᠮᠠᠶ᠋ᠢᠭ 》 ᠤᠨ ᠦᠶᠯᠡᠴᠢᠯᠡᠭᠡ ᠬᠠᠩᠭᠠᠵᠤ᠂ | ᠵᠠᠰᠠᠭ ᠵᠠᠬᠢᠷᠭᠠᠨ ᠤ ᠦᠶᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠵᠦᠶᠯ ᠢ | ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ | ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠳᠠᠭᠠᠭᠠᠴᠢᠯᠠᠨ | ᠬᠤᠯᠪᠣᠭᠠᠯᠠᠬᠤ ᠤᠳᠤᠷᠢᠳᠤᠯᠭ᠎ᠠ᠂ ᠰᠠᠯᠠᠭ᠎ᠠ ᠮᠥᠴᠢᠷ ᠨᠢᠭᠡᠴᠢ ᠶᠢᠨ ᠬᠢᠨ ᠲᠤᠭᠤᠷᠢᠭ ᠤᠨ ᠲᠡᠰ ᠤᠨ ᠤᠳᠤᠷᠢᠳᠤᠯᠭ᠎ᠠ | ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠤᠨ ᠥᠷᠨᠢᠯᠲᠡ ᠶᠢ | ᠠᠬᠢᠭᠤᠯᠵᠤ᠂ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ | ᠡᠯ᠎ᠡ ᠵᠦᠢᠯ ᠤᠨ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠯᠠᠪᠳᠠᠭᠤᠨ ᠪᠠᠲᠤᠲᠠᠢ ᠡᠮᠬᠢ | ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | |