ᠬᠠᠶᠢᠷᠤᠪ ᠤᠨ ᠲᠣᠬᠤᠶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/8
     ᠠᠶᠤᠯᠭᠦᠶ ᠦᠶᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠪᠠᠭᠠᠰᠬᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠾᠧᠩ ᠲᠦᠩ ᠲᠣᠨᠤᠭ ᠲᠥᠬᠦᠭᠡᠷᠦᠮᠵᠢ ᠦᠶᠯᠡᠳᠬᠦ ᠬᠢᠵᠠᠭᠠᠷᠲᠤ ᠺᠣᠮᠫᠠᠨᠢ ᠳᠤ 《 ᠬᠠᠤᠯᠢ ᠴᠠᠭᠠᠵᠠ ᠶᠢᠨ ᠦᠶᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠵᠤ᠂ ᠠᠶᠤᠯᠭᠦᠶ ᠦᠶᠯᠡᠳᠪᠦᠷᠢᠯᠡᠯ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ》 ᠬᠠᠤᠯᠢ ᠲᠦᠭᠡᠮᠡᠯᠵᠢᠭᠦᠯᠬᠦ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ᠃      ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠠᠮᠤᠷ ᠲᠦᠪᠰᠢᠨ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠲᠠᠶᠢᠯᠤᠮᠵᠢ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠳᠠᠨ 《 ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ( ᠠᠷᠪᠠᠨ ᠨᠢᠭᠡ ) 》᠎ ᠤᠨ ᠪᠣᠳᠠᠲᠠᠢ ᠬᠠᠤᠯᠢ ᠴᠠᠭᠠᠵᠠ ᠶᠢᠨ ᠵᠦᠢᠯ ᠵᠤᠷᠪᠤᠰ ᠢ ᠦᠨᠳᠦᠰᠦᠯᠡᠨ ᠨᠠᠷᠢᠨ ᠲᠠᠶᠢᠯᠤᠮᠵᠢ ᠬᠢᠭᠰᠡᠨ ᠪᠥᠭᠡᠳ ᠠᠳᠡᠯ ᠭᠠᠷᠬᠤ ᠠᠴᠠ ᠡᠮᠦᠨᠡᠬᠢ ᠬᠦᠨᠳᠦ ᠨᠣᠴᠢᠲᠠᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠭᠦᠦ ᠳᠤ ᠣᠷᠣᠭᠤᠯᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠠᠶᠤᠯᠭᠦᠢ ᠦᠢᠯᠡᠳᠪᠦᠷᠢᠯᠡᠯ ᠢ ᠬᠦᠨᠳᠦ ᠨᠣᠴᠢᠲᠠᠢ ᠬᠤᠬᠢᠷᠠᠭᠤᠯᠤᠭᠰᠠᠨ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠬᠤ ᠪᠣᠯ ᠪᠦᠬᠦ ᠨᠡᠶᠢᠭᠡᠮ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠢᠨ ᠪᠣᠳᠠᠲᠠᠢ ᠢᠯᠡᠷᠡᠯ ᠮᠥᠨ᠂ ᠪᠠᠰᠠᠴᠤ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠎ ᠶᠢᠨ ᠵᠠᠶᠢᠯᠠᠰᠢ ᠦᠬᠡᠢ ᠱᠠᠭᠠᠷᠳᠠᠯᠭ᠎ᠠ ᠮᠥᠨ᠂ ᠡᠭᠦᠨ ᠢᠶᠠᠷ ᠠᠵᠤ ᠠᠬᠤᠶᠢᠯᠠᠯ ᠤᠨ ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠢᠳᠡᠪᠬᠢᠲᠡᠢ ᠠᠩᠬᠠᠷᠬᠤ ᠶᠢ ᠬᠦᠳᠦᠯᠦᠨ ᠵᠢᠯᠣᠭᠤᠳᠪᠠ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠪᠠᠶᠢᠳᠠᠯ ᠶᠢ ᠲᠠᠰᠤᠷᠠᠯᠲᠠ ᠥᠬᠡᠶ ᠡᠭᠦᠳᠴᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠰᠤᠷᠤᠯᠴᠠᠬᠤ᠂ ᠰᠠᠶᠢᠲᠤᠷ ᠬᠡᠷᠡᠭᠯᠡᠬᠦ ᠡᠭᠦᠷᠭᠡ ᠴᠢᠳᠠᠪᠤᠷᠢ ᠶᠢᠨ ᠦᠶᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠵᠤ ᠠᠬᠤᠶᠢᠯᠠᠯ ᠳᠤ ᠠᠶᠤᠯᠭᠦᠶ ᠦᠶᠯᠡᠳᠪᠦᠷᠢᠯᠡᠯ ᠎ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号