ᠨᠠᠮ ᠤᠨ ᠲᠡᠦᠬᠡ ᠶᠢ ᠣᠶᠢᠯᠠᠭᠠᠪᠠᠯ ᠰᠠᠶ᠋ᠢ ᠤᠬ ᠰᠠᠨᠠᠭ᠎ᠠ ᠪᠠᠨ ᠨᠡᠩ ᠤᠬᠠᠮᠰᠠᠷ ᠠᠴᠠ ᠪᠠᠨ ᠪᠠᠲᠤ | ᠴᠡᠭᠡᠵᠢᠯᠡᠵᠦ᠂ ᠨᠠᠮ ᠤᠨ ᠲᠡᠦᠬᠡ ᠶᠢ ᠣᠶᠢᠯᠠᠭᠠᠪᠠᠯ ᠰᠠᠶ᠋ᠢ ᠡᠭᠦᠷᠭᠡ ᠬᠠᠷᠢᠭᠤᠴᠠᠯᠭ᠎ᠠ ᠪᠠᠨ ᠨᠡᠩ ᠡᠷᠡᠰ ᠪᠠᠲᠤ | ᠡᠭᠦᠷᠭᠡᠯᠡᠵᠦ ᠴᠢᠳᠠᠨ᠎ᠠ᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ ᠡᠦ ᠰᠢᠶᠤᠤ ᠳ᠋ᠦᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠲᠣᠭᠤᠷᠢᠨ ᠳᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃ | 《 ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠲᠡᠦᠬᠡ ᠶᠢᠨ ᠠᠭᠤᠤ ᠶᠡᠭᠡ ᠦᠢᠯᠡᠰ ᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ | ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ 》 ᠭᠡᠵᠦ ᠡᠣ ᠰᠢᠶᠤᠤ ᠳ᠋ᠦᠩ | ᠬᠡᠯᠡᠪᠡ᠃ | ᠨᠢᠭᠡ ᠳᠤ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ ᠲᠡᠦᠬᠡ ᠶᠢᠨ ᠵᠥᠪ ᠦᠵᠡᠯᠲᠡ ᠶᠢ | ᠪᠠᠲᠤ ᠪᠠᠬᠢ ᠪᠤᠢ ᠪᠣᠯᠭᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ | ᠪᠠᠶᠢᠭᠤᠯᠤᠭᠳᠠᠭᠰᠠᠨ ᠠᠴᠠ ᠤᠳᠤ ᠪᠣᠯᠲᠠᠯᠠᠬᠢ ᠵᠠᠭᠤᠨ ᠵᠢᠯ ᠤᠨ ᠲᠤᠷᠰᠢ᠂ ᠮᠠᠷᠺᠰ ᠤᠨ ᠦᠵᠡᠯ ᠤᠨ ᠭᠤᠣᠯ | ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠵᠤ᠂ | ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠲᠤᠬᠢᠷᠠᠭᠰᠠᠨ ᠬᠥᠭᠵᠢᠯᠲᠡ ᠶᠢᠨ ᠵᠠᠮ ᠢ ᠲᠠᠰᠤᠷᠠᠯᠳᠠ ᠦᠭᠡᠢ | ᠡᠷᠢᠵᠦ᠂ ᠪᠦᠬᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ | ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ | ᠲᠦᠮᠡᠨ ᠤ ᠵᠣᠯ ᠵᠢᠷᠭᠠᠯ ᠢ ᠪᠡᠶᠡᠯᠡᠭᠦᠯᠪᠡ ᠃《 ᠬᠤᠣᠰ ᠵᠠᠭᠤᠨ ᠵᠢᠯ 》 ᠤᠨ ᠲᠡᠮᠡᠴᠡᠬᠦ ᠬᠠᠷᠠᠯᠲᠠ ᠶᠢᠨ ᠲᠡᠦᠬᠡ | ᠶᠢᠨ ᠠᠭᠤᠯᠵᠠᠷ ᠲᠤ᠂ ᠲᠡᠦᠬᠡ᠂ ᠬᠤᠪᠢᠰᠤᠩᠭᠤᠶ ᠦᠵᠡᠯᠲᠡ ᠪᠠ ᠠᠷᠭ᠎ᠠ ᠶᠢ ᠪᠦᠬᠦ ᠲᠠᠯ᠎ᠠ ᠪᠠᠷ ᠬᠡᠷᠡᠭᠯᠡᠵᠤ ᠨᠠᠮ ᠤᠨ | ᠲᠡᠦᠬᠡ ᠶᠢ ᠰᠤᠷᠤᠯᠴᠠᠨ᠎ᠠ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠤᠯ ᠰᠡᠳᠦᠪ ᠭᠤᠤᠯ ᠰᠢᠵᠢᠮ ᠢ | ᠣᠨᠣᠪᠴᠢᠲᠠᠶ ᠡᠵᠡᠮᠳᠡᠬᠦ ᠬᠡᠷᠡᠭᠲᠡᠢ᠃ ᠨᠠᠮ ᠤᠨ ᠬᠤᠪᠢᠰᠬᠠᠯ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ | ᠲᠡᠮᠡᠴᠡᠯ ᠤᠨ ᠥᠩᠭᠡᠷᠡᠯᠲᠡ ᠳᠤᠮᠳᠠ ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠬᠤ ᠬᠡᠷᠡᠭᠲᠡᠶ᠂ | ᠨᠠᠮ ᠤᠨ ᠲᠡᠦᠬᠡ ᠶᠢ ᠭᠠᠵᠢᠭᠤᠳᠠᠭᠤᠯᠬᠤ ᠪᠠ ᠮᠠᠭᠤᠰᠢᠶᠠᠬᠤ᠂ ᠦᠨᠳᠦᠰᠦᠲᠡᠨ ᠤ ᠢᠪᠴᠤᠤ ᠦᠵᠡᠯ ᠵᠡᠷᠭᠡ ᠪᠤᠷᠤᠭᠤ | ᠬᠡᠯᠪᠡᠷᠢᠯ ᠪᠠ ᠦᠭᠡ ᠶᠠᠷᠢᠶ᠎ᠠ ᠦᠢᠯᠡ ᠠᠵᠢᠯᠯᠠᠭ᠎ᠠ ᠶᠢ ᠰᠤᠷᠲᠠᠯᠴᠢᠯᠠᠬᠤ ᠶᠢ ᠡᠷᠡᠰ ᠡᠰᠡᠷᠭᠦᠴᠡᠨ᠎ᠡ᠃ | ᠬᠤᠶᠠᠷ ᠲᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ | ᠰᠠᠨᠠᠭᠠᠨ ᠤ ᠠᠤᠭ᠎ᠠ ᠬᠦᠴᠦᠨ ᠢ ᠤᠯᠠᠮ ᠴᠢᠨᠠᠭᠰᠢᠳᠠ ᠣᠶᠢᠯᠠᠭᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠡᠦᠬᠡ ᠪᠣᠯ ᠳᠠᠷᠤᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠲᠠᠰᠤᠷᠠᠯᠲᠠ ᠦᠭᠡᠢ | ᠠᠬᠢᠭᠤᠯᠤᠭᠰᠠᠨ ᠲᠡᠦᠬᠡ ᠮᠥᠨ᠃ ᠵᠠᠭᠤᠨ ᠵᠢᠯ ᠤᠨ ᠲᠤᠷᠰᠢ᠂ ᠮᠠᠤ ᠽᠧ ᠳ᠋ᠦᠩ ᠤᠨ ᠦᠵᠡᠯ ᠰᠠᠨᠠᠭ᠎ᠠ ᠪᠣᠯᠤᠨ ᠳ᠋ᠧᠩ | ᠰᠢᠶᠤᠤ ᠫᠢᠩ ᠤᠨ ᠤᠨᠤᠯ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠭᠲᠠᠭᠠᠭᠰᠠᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠭᠦᠯᠵᠡᠢ᠃ ᠡᠭᠦᠨ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ 21 ᠳ᠋ᠦ᠋ᠭᠡᠷ ᠵᠠᠭᠤᠨ ᠤ | ᠳᠤᠮᠳᠠᠳᠤ ᠤᠯᠤᠰ ᠤᠨ ᠮᠠᠷᠺᠰ ᠤᠨ ᠦᠵᠡᠯ ᠮᠥᠨ᠃ ᠪᠢᠳᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠶᠠᠪᠤᠴᠠ ᠳᠤ᠂ ᠲᠡᠦᠬᠡ ᠶᠢᠨ ᠲᠤᠷᠰᠢᠯᠭ᠎ᠠ ᠪᠠᠨ ᠳ᠋ᠦᠩᠨᠡᠵᠦ᠂ ᠢᠷᠡᠭᠡᠳᠦᠢ ᠶᠢᠨ ᠵᠠᠮ ᠢᠶᠠᠷ ᠰᠠᠶᠢᠲᠤᠷ ᠵᠠᠮᠨᠠᠬᠤ ᠤᠶᠤᠨ | ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠲᠡᠭᠦᠨ | ᠳᠤ ᠲᠤᠭᠤᠰᠢᠯᠠᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠰᠢᠰᠲ᠋ᠧᠮ ᠲᠠᠢ | ᠡᠵᠡᠮᠰᠢᠵᠦ᠂ ᠦᠵᠡᠯ ᠰᠠᠨᠠᠭ᠎ᠠ ᠤᠨᠤᠯ ᠤᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠦᠨᠡᠨ ᠬᠦ ᠪᠣᠳᠠᠲᠠᠢ | ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠡᠦᠬᠡ ᠪᠣᠯ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠦᠭᠰᠡᠨ | ᠲᠡᠦᠬᠡ ᠮᠥᠨ᠂ ᠨᠠᠮ ᠪᠣᠯᠤᠨ ᠠᠷᠠᠳ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ᠂ ᠠᠮᠢᠰᠬᠤᠭ᠎ᠠ ᠪᠠᠨ | ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠲᠡᠦᠬᠡ ᠮᠥᠨ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠪᠣᠯ ᠮᠠᠨ ᠤ ᠨᠠᠮ ᠤᠨ ᠵᠣᠷᠢᠯᠲᠠ ᠮᠥᠨ᠂ ᠨᠠᠮ ᠪᠠᠶᠢᠭᠤᠯᠤᠭᠳᠠᠭᠰᠠᠨ ᠡᠳᠦᠷ | ᠠᠴᠠ ᠪᠠᠨ ᠡᠬᠢᠯᠡᠨ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ | ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ | ᠶᠠᠪᠤᠳᠠᠯ ᠪᠣᠯᠤᠨ᠎ᠠ᠃ ᠪᠢᠳᠡ ᠨᠠᠮ ᠤᠨ ᠲᠡᠦᠬᠡ ᠶᠢ ᠰᠤᠷᠤᠯᠴᠠᠬᠤ ᠶᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ | ᠨᠢᠭᠲᠠ ᠤᠶᠠᠯᠳᠤᠭᠤᠯᠵᠤ᠂ ᠤᠯᠠᠨ ᠲᠦᠮᠡᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ | ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ | ᠳᠥᠷᠪᠡ ᠳᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ 《 ᠠᠷᠪᠠᠨ ᠳᠥᠷᠪᠡᠳᠦᠭᠡᠷ | ᠲᠠᠪᠤᠨ ᠵᠢᠯ 》 ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠨ᠎ᠠ᠃ ᠣᠳᠣᠬᠠᠨ ᠳᠤ᠂ ᠳᠡᠯᠡᠬᠡᠢ | ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠳᠡᠯᠡᠬᠡᠢ ᠶᠢᠨ | ᠪᠠᠶᠢᠳᠠᠯ ᠤᠨ ᠲᠣᠭᠲᠠᠪᠤᠷᠢ ᠦᠭᠡᠢ ᠬᠦᠴᠦᠨ ᠵᠦᠢᠯ ᠮᠥᠨ ᠣᠷᠣᠰᠢᠵᠤ᠂ ᠠᠵᠤ ᠠᠬᠤᠢ ᠶᠢᠨ ᠰᠡᠷᠭᠦᠯᠲᠡ ᠶᠢᠨ | ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢᠨ᠎ᠡ ᠬᠥᠭᠵᠢᠯᠲᠡ | ᠶᠢᠨ ᠱᠠᠳᠤ ᠦᠶ᠎ᠡ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠦᠢᠯᠡᠴᠢᠯᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠭᠠᠷᠭᠠᠭᠰᠠᠨ《 ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ | ᠬᠦᠴᠦᠯᠡᠨ ᠰᠠᠶᠢᠲᠤᠷ ᠠᠳᠬᠤᠬᠤ ᠬᠡᠷᠡᠭᠲᠡᠢ》 ᠭᠡᠬᠦ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠰᠠᠶᠢᠲᠤᠷ ᠵᠠᠮᠨᠠᠵᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠡᠬᠢᠯᠡᠯᠲᠡ ᠶᠢᠨ ᠵᠢᠯ ᠳᠤ ᠰᠠᠶᠢᠨ ᠡᠬᠢᠯᠡᠯᠲᠡ | ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ ᠪᠢᠳᠡ ᠪᠥᠬᠦ ᠬᠦᠴᠦᠨ ᠢᠶᠠᠷ ᠢᠶᠠᠨ | ᠬᠡᠳᠦᠨ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠶ᠄ ᠨᠢᠭᠡ ᠳᠤ ᠰᠢᠨ᠎ᠡ ᠬᠥᠭᠵᠢᠯᠲᠡ ᠶᠢᠨ ᠱᠠᠲᠤ ᠦᠶ᠎ᠡ ᠶᠢ | ᠣᠨᠣᠪᠴᠢᠲᠠᠶ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ 《 ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ | ᠨᠢᠭᠡ ᠬᠥᠭᠦᠷᠭᠡᠨ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠪᠣᠯᠣᠳ | ᠬᠡᠦᠷᠡᠰᠦ ᠶᠢᠨ ᠠᠵᠤ ᠠᠬᠤᠶᠢᠯᠠᠯ᠂ ᠰᠢᠨ᠎ᠡ ᠡᠨᠧᠷᠭᠢ ᠶᠢᠨ ᠠᠵᠤ ᠠᠬᠤᠶ᠂ ᠵᠢᠭᠤᠯᠴᠢᠯᠠᠯ᠂ ᠨᠠᠰᠤᠵᠢᠯ ᠤᠨ | ᠦᠶᠯᠡᠴᠢᠯᠡᠭᠡᠨ ᠤ ᠦᠶᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠠᠴᠠ ᠭᠠᠷᠳᠠᠵᠤ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠡᠷᠡᠰ ᠪᠠᠲᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ | ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ᠬᠤᠶᠠᠷ ᠲᠤ᠂ ᠶᠡᠷᠦᠩᠬᠡᠶ ᠱᠦᠵᠢ ᠰᠢ ᠶᠢᠨ ᠫᠢᠩ ᠤᠨ 《 | ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ 》 ᠭᠡᠬᠦ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠶ ᠶᠢᠨ ᠣᠷᠣᠨ ᠤ | ᠠᠮᠢ ᠠᠬᠤᠶ ᠪᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠬᠦᠴᠦᠲᠡᠶ ᠠᠬᠢᠭᠤᠯᠵᠤ᠂ ᠠᠭᠠᠷ | ᠮᠠᠨᠳᠠᠯ ᠤᠨ ᠪᠣᠬᠢᠷᠲᠤᠯ ᠢ ᠲᠤᠶᠢᠯ ᠤᠨ ᠣᠨᠣᠪᠴᠢᠲᠠᠶ ᠪᠠᠷ ᠵᠠᠰᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠪᠠᠶᠢᠬᠤ ᠡᠳᠦᠷ ᠤᠨ ᠲᠤᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠭᠡᠬᠦ ᠶᠢ | ᠪᠠᠳᠤᠯᠠᠬᠤ ᠬᠡᠷᠡᠭᠲᠡᠢ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ᠳᠠᠬᠢᠯᠲᠠ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠡᠩ ᠤᠨ ᠪᠤᠰᠤ ᠤᠰᠤᠨ ᠤ | ᠡᠬᠢ ᠪᠠᠶᠠᠯᠢᠭ ᠤᠨ ᠠᠰᠢᠭᠯᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ | ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠰᠠᠶᠢᠲᠤᠷ ᠠᠳᠬᠤᠵᠤ᠂ | ᠭᠤᠤᠯ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠤᠯ ᠤᠨ ᠵᠠᠮ ᠤᠨ | ᠳᠥᠷᠪᠡᠨ ᠰᠠᠮᠠᠭᠤᠨ ᠢ ᠦᠷᠭᠦᠯᠵᠢᠯᠡᠨ ᠴᠡᠪᠡᠷᠯᠡᠨ ᠴᠡᠭᠴᠡᠯᠡᠵᠦ᠂ ᠬᠠᠲᠤᠨ ᠭᠤᠤᠯ ᠳᠠᠭᠠᠤ ᠶᠢᠨ ᠬᠡᠰᠡᠭ ᠤᠨ ᠣᠷᠣᠨ | ᠪᠦᠰᠡ ᠶᠢᠨ ᠪᠣᠬᠢᠷ ᠤᠰᠤ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠬᠦ ᠬᠡᠷᠡᠭᠲᠡᠶ᠃ ᠭᠤᠷᠪᠠ ᠳᠤ᠂ 《 ᠳᠥᠷᠪᠡᠨ ᠤᠬᠠᠮᠰᠠᠷ 》 ᠢᠶᠠᠨ ᠲᠠᠰᠤᠷᠠᠯᠲᠠ ᠥᠬᠡᠶ ᠴᠢᠩᠭᠠᠳᠬᠠᠵᠤ᠂ 《 | ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠨᠠᠮ ᠤᠨ | ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠦᠷᠭᠦᠯᠵᠢᠯᠡᠨ | ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠥᠲᠥᠯᠥᠨ ᠵᠢᠯᠣᠭᠤᠳᠬᠤ ᠪᠠ ᠠᠶᠤᠯ | ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠠᠷᠢᠯᠭᠠᠬᠤ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠡᠯ᠎ᠡ ᠵᠦᠶᠯ ᠤᠨ ᠠᠵᠢᠯ ᠢ | ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠬᠤ᠂ | ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ | ᠪᠠᠷ ᠦᠷᠭᠦᠯᠵᠢᠯᠡᠨ ᠬᠦᠴᠦᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ ᠬᠠᠮᠲᠤᠪᠠᠷ | ᠡᠳ᠋ᠯᠡᠬᠦ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠪᠠ | ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ ᠢᠯᠡᠷᠡᠭᠦᠯᠦᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ | ᠴᠡᠭᠴᠡᠯᠡᠨ ᠵᠠᠰᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠦᠷᠭᠦᠯᠵᠢᠯᠡᠨ | ᠴᠢᠩᠭᠠᠯᠠᠵᠤ᠂ ᠪᠠᠶᠢᠩᠭᠤᠵᠢᠬᠰᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ | ᠢ ᠠᠷᠭᠠᠴᠠᠭᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ |