ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠪᠠᠭᠰᠢ ᠰᠤᠷᠤᠭᠴᠢ ᠶᠢᠨ ᠡᠷᠡᠭᠦᠯ ᠴᠢᠭᠢᠷᠠᠭ ᠠᠮᠢᠳᠤᠷᠠᠯ ᠢ ᠪᠠᠳᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/4/9
     ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠢᠳᠡᠭᠡᠨ ᠤ ᠠᠮᠤᠷ ᠲᠦᠪᠰᠢᠨ᠂ ᠬᠠᠮᠲᠤᠯᠢᠭ ᠤᠨ ᠴᠢᠨᠠᠷᠲᠠᠢ ᠬᠠᠯᠳᠠᠪᠤᠷᠢᠲᠤ ᠡᠪᠡᠳᠴᠢᠨ ᠤ ᠬᠡᠷᠡᠭ ᠡᠭᠦᠰᠬᠦ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 2021 ᠣᠨ ᠤ 4 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠤᠭᠠᠯᠠᠨ ᠲᠤᠭᠤᠷᠢᠭ ᠤᠨ ᠬᠠᠷᠢᠶᠠᠨ ᠳᠠᠬᠢ ᠬᠤᠭᠤᠯᠠ ᠬᠠᠩᠭᠠᠬᠤ 46 ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠲᠤᠰᠬᠠᠢ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠳᠤ᠂ ᠬᠠᠮᠲᠤᠷᠠᠨ ᠪᠠᠶᠢᠴᠠᠭᠠᠬᠤ ᠳᠤᠭᠤᠶᠢᠯᠠᠩ ᠨᠢ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ᠂ ᠠᠮᠢᠳᠤᠷᠠᠯ ᠤᠨ ᠤᠤᠭᠤᠬᠤ ᠤᠰᠤᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠵᠢᠭᠠᠨ ᠰᠤᠷᠭᠠᠯᠲᠠ ᠠᠮᠢᠳᠤᠷᠠᠯ ᠤᠨ ᠪᠡᠯᠡᠳᠬᠡᠮᠵᠢ ᠶᠢᠨ ᠡᠷᠡᠭᠦᠯ ᠬᠠᠮᠠᠭᠠᠯᠠᠯ᠂ 《 ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠬᠡᠷ 》᠎ ᠤᠨ ᠪᠥᠲᠥᠭᠡᠨ ᠪᠠᠶᠢᠭᠤᠯᠤᠯᠲᠠ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠴᠢᠭᠯᠡᠭᠦᠯᠦᠨ ᠨᠢᠭᠡ ᠨᠢᠭᠡ ᠪᠠᠷ ᠰᠢᠮᠳᠠᠭᠤᠯᠤᠨ ᠪᠠᠶᠢᠴᠠᠭᠠᠬᠤ ᠶᠢᠨ ᠬᠠᠮᠲᠤ᠂ ᠬᠠᠮᠢᠶ᠎ᠠ ᠪᠥᠬᠦᠶ ᠮᠠᠲ᠋ᠧᠷᠢᠶᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠪᠠᠶᠢᠴᠠᠭᠠᠨ ᠦᠵᠡᠬᠦ ᠪᠠ ᠰᠣᠯᠢᠯᠴᠠᠨ ᠰᠤᠷᠪᠤᠯᠵᠢᠯᠠᠨ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠥᠷᠯᠥᠭᠡ ᠶᠢᠨ ᠦᠳᠡ ᠶᠢᠨ ᠪᠠᠶᠢᠴᠠᠭᠠᠯᠲᠠ᠂ ᠡᠪᠡᠳᠴᠢᠨ ᠠᠴᠠ ᠪᠣᠯᠵᠣ ᠠᠵᠢᠯ ᠠᠴᠠ ᠪᠠᠨ ᠰᠠᠭᠠᠲᠠᠭᠰᠠᠨ ᠰᠤᠷᠤᠭᠴᠢᠳ ᠢ ᠮᠥᠷᠳᠡᠬᠦ᠂ ᠬᠢᠴᠢᠶᠡᠯ ᠤᠨ ᠬᠡᠷ᠂ ᠪᠠᠶᠢᠷᠢ ᠶᠢᠨ ᠬᠡᠷ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ ᠵᠡᠷᠭᠡ ᠡᠯ᠎ᠡ ᠵᠦᠶᠯ ᠤᠨ ᠲᠦᠷᠢᠮ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠣᠷᠣᠰᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠲᠤᠬᠠᠶ ᠶᠢᠨ ᠲᠠᠯᠠᠪᠠᠶ ᠳᠤ ᠪᠢᠴᠢᠭ ᠢᠶᠠᠷ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠪᠠ᠃     ᠡᠯ᠎ᠡ ᠰᠤᠷᠭᠠᠭᠤᠯᠢ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠭᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠵᠢᠴᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠡᠳᠦᠷ ᠲᠤᠲᠤᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠵᠢᠭ ᠰᠠᠵᠢᠭ ᠵᠦᠶᠯ ᠠᠴᠠ ᠭᠠᠷᠳᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠵᠦ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号