ᠬᠠᠶᠢᠷᠤᠪ ᠤᠨ ᠲᠣᠬᠤᠶ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠲᠤ ᠬᠠᠤᠯᠢ ᠴᠠᠭᠠᠵᠠ ᠶᠢ ᠨᠡᠶᠢᠭᠡᠮ ᠲᠣᠭᠤᠷᠢᠭ ᠲᠤ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/9
     ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠪᠠ ᠬᠠᠤᠯᠢ ᠶᠣᠰᠣᠭᠠᠷ ᠬᠦᠴᠦᠷᠬᠡᠭᠯᠡᠯ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠎ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 2021 ᠣᠨ ᠤ 4 ᠰᠠᠷ᠎ᠠ ᠶᠢᠨ 7᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠠᠴᠠ ᠵᠢᠶ ᠬᠠᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠸᠠᠩ ᠫᠦ᠋ ᠴᠦᠨ ᠬᠠᠤᠯᠢᠴᠢ ᠶᠢ ᠤᠷᠢᠵᠤ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠤᠯᠢ ᠴᠠᠭᠠᠵᠠ ᠶᠢᠨ ᠲᠤᠰᠠᠯᠠᠮᠵᠢ ᠳᠤᠮᠳᠠ ᠦᠷᠭᠦᠯᠵᠢ ᠲᠣᠬᠢᠶᠠᠯᠳᠤᠳᠠᠭ ᠬᠠᠤᠯᠢ ᠴᠠᠭᠠᠵᠠ ᠶᠢᠨ ᠮᠡᠳᠡᠯᠭᠡ ᠪᠠᠷ ᠭᠤᠤᠯᠳᠠᠯᠭ᠎ᠠ ᠪᠣᠯᠭᠠᠵᠤ᠂ ᠬᠠᠷᠢᠶ᠎ᠠ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠎ ᠶᠢᠨ ᠮᠡᠳᠡᠯᠭᠡ ᠪᠠ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠠᠷᠢᠯᠭᠠᠬᠤ ᠣᠶᠢᠯᠠᠭᠠᠭᠳᠠᠬᠤᠨ ᠢ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠤᠯᠠᠮᠵᠢᠯᠠᠪᠠ᠃ ᠡᠭᠦᠨ ᠤ ᠬᠠᠮᠲᠤ᠂ ᠸᠠᠩ ᠫᠦ᠋ ᠴᠦᠨ ᠬᠠᠤᠯᠢᠴᠢ ᠪᠠᠰᠠ ᠣᠶᠢᠷ᠎ᠠ ᠎ ᠳᠤ ᠡᠯ᠎ᠡ ᠵᠢᠵᠢᠭ ᠲᠣᠭᠤᠷᠢᠭ ᠲᠤ ᠡᠭᠦᠰᠦᠭᠰᠡᠨ ᠠᠳᠠᠯ ᠠᠬᠤᠶ ᠶᠢᠨ ᠵᠢᠭᠤᠷᠠᠯᠳᠤᠭᠠᠨ ᠪᠣᠯᠤᠨ ᠥᠮᠴᠢᠲᠡᠨ ᠤ ᠵᠥᠪᠯᠡᠯ ᠪᠠᠶᠢᠭᠤᠯᠬᠤ ᠵᠡᠷᠭᠡ ᠬᠤᠯᠪᠣᠭᠳᠠᠯ ᠪᠥᠬᠦᠶ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠲᠥᠷᠥᠯ ᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠠᠶᠢᠯᠪᠤᠷᠢᠯᠠᠯᠲᠠ ᠬᠢᠵᠦ᠂ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠷᠠᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠲᠣᠰ ᠪᠡᠶ᠎ᠡ ᠶᠢᠨ ᠠᠷᠠᠳ ᠲᠦᠮᠡᠨ᠂ ᠬᠤᠳᠠᠯᠳᠤᠭᠠᠨ ᠤ ᠬᠡᠷᠡᠭ ᠪᠣᠳᠠᠰ ᠤᠨ ᠵᠢᠭᠤᠷᠠᠯᠳᠤᠭᠠᠨ ᠢᠶᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠤᠲᠠᠯᠠᠯᠲᠠ ᠪᠠ ᠳᠡᠮᠵᠢᠯᠭᠡ ᠶᠢ ᠣᠯᠤᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号