4 ᠰᠠᠷ᠎ᠠ ᠶᠢᠨ 7 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠶᠠᠳᠤᠭᠠᠷ | ᠤᠳᠠᠭ᠎ᠠ ᠶᠢᠨ ᠠᠵᠢᠯ ᠤᠨ ᠬᠤᠷᠠᠯ ᠬᠤᠷᠠᠯᠳᠤᠪᠠ᠃ | | ᠬᠤᠷᠠᠯ ᠠᠴᠠ ᠲᠣᠭᠤᠷᠢᠨ ᠴᠠᠭᠳᠠᠬᠤ ᠳᠤᠭᠤᠶᠢᠯᠠᠩ᠂ ᠵᠣᠬᠢᠴᠠᠭᠤᠯᠬᠤ ᠳᠤᠭᠤᠶᠢᠯᠠᠩ᠂ ᠦᠢᠯᠡᠳᠦᠯᠭᠡ ᠶᠢᠨ | ᠳᠤᠭᠤᠶᠢᠯᠠᠩ᠂ ᠤᠬᠠᠭᠤᠯᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠵᠢᠴᠢ ᠡᠯ᠎ᠡ ᠠᠵᠢᠯᠯᠠᠬᠤ | ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠰᠣᠨᠣᠰᠪᠠ᠃ | ᠬᠤᠷᠠᠯ ᠠᠴᠠ᠂ ᠨᠠᠮ ᠤᠨ ᠲᠡᠦᠬᠡ ᠶᠢᠨ ᠬᠥᠮᠦᠵᠢᠯ ᠢ ᠰᠤᠷᠤᠯᠴᠠᠬᠤ ᠳᠤ ᠤᠷᠳᠤ ᠬᠤᠭᠤᠴᠠᠭ᠎ᠠ ᠪᠠᠷ | ᠴᠥᠬᠦᠷᠡᠰᠢ ᠦᠭᠡᠢ ᠰᠤᠷᠤᠯᠴᠠᠬᠤ ᠬᠡᠷᠡᠭᠲᠡᠢ᠂ ᠬᠠᠶᠢᠷᠤᠪ ᠤᠨ ᠲᠤᠬᠤᠢ ᠲᠣᠭᠤᠷᠢᠭ ᠠᠳᠠᠯᠢ ᠪᠤᠰᠤ ᠴᠠᠭ ᠦᠶ᠎ᠡ ᠶᠢᠨ | ᠠᠳᠠᠯᠢ ᠪᠤᠰᠤ ᠱᠠᠭᠠᠷᠳᠠᠯᠭ᠎ᠠ ᠶᠢ ᠦᠨᠳᠦᠰᠦᠯᠡᠵᠦ᠂ ᠰᠤᠷᠤᠯᠴᠠᠬᠤ ᠲᠥᠯᠥᠪᠯᠡᠭᠡ ᠶᠣᠰᠣᠭᠠᠷ ᠠᠯᠬᠤᠮ ᠠᠯᠬᠤᠮ ᠢᠶᠠᠷ | ᠥᠷᠨᠢᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠲᠠᠢ ᠤᠶᠠᠯᠳᠤᠭᠤᠯᠵᠤ᠂ ᠪᠢ | ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ 》ᠦᠢᠯᠡᠳᠦᠯᠭᠡ ᠶᠢᠨ ᠠᠵᠢᠯᠯᠠᠭ᠎ᠠ ᠶᠢᠨ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠡᠯ᠎ᠡ ᠨᠢᠭᠡᠴᠡ᠂ ᠠᠵᠢᠯ | ᠲᠥᠷᠥᠯ ᠤᠨ ᠣᠨᠴᠠᠯᠢᠭ ᠢ ᠦᠨᠳᠦᠰᠦᠯᠡᠨ᠂ ᠭᠢᠯᠠᠰ ᠴᠢᠭ ᠢ ᠠᠭᠤᠳᠠᠯᠵᠤ᠂ ᠨᠡᠶᠢᠳᠡᠮ ᠳᠤᠨᠢ ᠬᠠᠮᠤᠷᠤᠭᠤᠯᠵᠤ᠂ | ᠦᠷ᠎ᠡ ᠪᠦᠲᠦᠮᠵᠢ ᠭᠠᠷᠭᠠᠵᠤ᠂ ᠭᠤᠣᠯᠳᠠᠯᠭ᠎ᠠ ᠲᠠᠢ ᠠᠳᠬᠤᠵᠤ ᠤᠬᠠᠭᠤᠯᠭ᠎ᠠ ᠥᠷᠨᠢᠭᠦᠯᠬᠦ ᠬᠡᠷᠡᠭᠲᠡᠶ᠃ ᠲᠥᠪ ᠶᠣᠰᠣ | ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠷᠢᠳᠴᠢᠯᠠᠨ ᠲᠥᠯᠥᠪᠵᠢᠭᠦᠯᠵᠦ᠂ ᠬᠠᠮᠵᠢᠯᠴᠠᠭ᠎ᠠ ᠪᠠᠨ | ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠥᠰᠦᠯ ᠤᠨ ᠱᠠᠭᠠᠷᠳᠠᠯᠭ᠎ᠠ ᠶᠢᠨ | ᠲᠣᠭᠤᠷᠢᠨ ᠳᠤ᠂ ᠰᠡᠳᠬᠢᠴᠡ ᠶᠢᠨ ᠰᠢᠨ᠎ᠡ ᠶᠢ ᠡᠭᠦᠳᠬᠦ ᠪᠠ ᠠᠷᠭ᠎ᠠ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠨᠢᠭᠡ ᠨᠢᠭᠡ ᠵᠦᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ | ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃ |