4 ᠰᠠᠷ᠎ᠠ ᠶᠢᠨ 7 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ | ᠵᠣᠬᠢᠴᠠᠭᠤᠯᠬᠤ ᠬᠤᠷᠠᠯ ᠬᠤᠷᠠᠯᠳᠤᠪᠠ᠃ | | ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠬᠠᠶᠢᠷᠤᠪ | ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ᠂ ᠰᠤᠷᠭᠠᠨ | ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠲᠣᠪᠴᠢᠶ᠎ᠠ᠂ ᠴᠡᠭᠡᠯ ᠠᠭᠤᠯᠠ ᠪᠠᠯᠭᠠᠰᠤ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠡᠯ᠎ᠡ ᠨᠢᠭᠡᠴᠢ ᠶᠢᠨ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠨᠠᠮ ᠤᠨ ᠲᠡᠦᠬᠡ ᠶᠢᠨ ᠬᠥᠮᠦᠵᠢᠯ ᠲᠠᠢ ᠤᠶᠠᠯᠳᠤᠭᠤᠯᠤᠨ ᠠᠵᠢᠯ ᠤᠨ | ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠤᠯᠠᠮ | ᠴᠢᠨᠠᠭᠰᠢᠳᠠ ᠰᠠᠶᠢᠲᠤᠷ ᠥᠷᠨᠢᠭᠦᠯᠵᠦ᠂ ᠡᠯ᠎ᠡ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ᠂ | ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠳᠤᠷᠠᠳᠤᠭᠰᠠᠨ ᠰᠡᠳᠬᠢᠴᠡ ᠪᠠ | ᠠᠷᠭ᠎ᠠ ᠶᠢ ᠦᠨᠳᠦᠰᠦᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠠᠭᠤᠰᠤᠯᠴᠠᠭᠤᠯᠵᠤ᠂ | ᠡᠯ᠎ᠡ ᠵᠦᠢᠯ ᠤᠨ ᠠᠵᠢᠯ ᠤᠨ ᠡᠭᠦᠷᠭᠡ ᠶᠢ ᠤᠯᠠᠮ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ | ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠰᠠᠯᠠᠭ᠎ᠠ ᠮᠥᠴᠢᠷ ᠤᠨ ᠠᠵᠢᠯ ᠢ ᠠᠬᠢᠭᠤᠯᠬᠤ ᠨᠡᠶᠢᠯᠡᠯ ᠴᠡᠭ ᠢ | ᠡᠷᠢᠨ ᠣᠯᠵᠤ᠂ ᠭᠤᠣᠯ ᠰᠡᠳᠦᠪ ᠢᠶᠠᠨ ᠲᠣᠳᠣᠷᠬᠠᠶᠢᠯᠠᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ | ᠲᠥᠰᠦᠯ ᠢ ᠭᠠᠷᠭᠠᠬᠤ ᠬᠡᠷᠡᠭᠲᠡᠶ᠃ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ | ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠠᠵᠢᠯ ᠤᠨ ᠲᠤᠬᠢᠷᠠᠭᠤᠯᠤᠯᠳᠠ ᠶᠢᠨ ᠬᠤᠷᠠᠯ ᠤᠨ | ᠬᠡᠯᠪᠡᠷᠢ ᠪᠠᠷ ᠡᠯ᠎ᠡ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ | ᠪᠠᠷ ᠰᠣᠨᠣᠰᠴᠤ᠂ ᠲᠦᠷᠦ ᠶᠢᠨ ᠪᠤᠳᠤᠯᠭ᠎ᠠ ᠶᠢ ᠪᠣᠯᠪᠠᠰᠤᠷᠠᠩᠭᠤᠢ᠂ ᠰᠡᠳᠬᠢᠴᠡ ᠲᠣᠳᠣᠷᠬᠠᠢ᠂ ᠲᠤᠰᠢᠶᠠᠯ | ᠬᠠᠷᠢᠭᠤᠴᠠᠯᠭ᠎ᠠ ᠲᠣᠳᠣᠷᠬᠠᠢ᠂ ᠠᠵᠢᠯ ᠨᠠᠷᠢᠯᠢᠭ ᠪᠠᠶᠢᠬᠤ ᠶᠢ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠡᠯ᠎ᠡ | ᠵᠦᠢᠯ ᠤᠨ ᠠᠵᠢᠯ ᠡᠭᠦᠷᠭᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠡᠮᠬᠢ ᠵᠢᠷᠤᠮ ᠲᠠᠢ | ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |