ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ | ᠰᠦᠯᠵᠢᠶᠡᠨ ᠤ ᠬᠤᠷᠳᠤᠴᠠ ᠶᠢ ᠦᠷᠭᠦᠯᠵᠢᠯᠡᠨ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠵᠤ᠂ ᠨᠡᠩ | ᠣᠯᠠᠨ ᠠᠵᠤ ᠠᠬᠤᠶᠢᠯᠠᠯ ᠪᠠ ᠠᠷᠠᠳ ᠲᠦᠮᠡᠨ ᠳ᠋ᠤ᠋ᠠᠰᠢᠭ ᠬᠦᠷᠲᠡᠭᠡᠬᠦ ᠵᠡᠷᠭᠡ ᠶᠢ ᠪᠠᠶᠢᠷᠢᠯᠠᠭᠤᠯᠪᠠ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠵᠢᠪᠠᠶᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦᠣᠯᠠᠨ | ᠲᠦᠮᠡᠨ ᠤ ᠡᠮᠴᠢᠯᠡᠭᠡ ᠶᠢᠨ ᠳᠠᠷᠤᠭᠠᠰᠤ ᠶᠢ ᠬᠥᠩᠭᠡᠯᠡᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 7 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠰᠦᠯᠵᠢᠶᠡᠨ ᠤ ᠬᠤᠷᠳᠤᠴᠠ ᠶᠢ ᠦᠷᠭᠦᠯᠵᠢᠯᠡᠨ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠵᠤ᠂ ᠨᠡᠩ ᠣᠯᠠᠨᠠᠵᠤ | ᠠᠬᠤᠶᠢᠯᠠᠯ ᠪᠠ ᠠᠷᠠᠳ ᠲᠦᠮᠡᠨ ᠳᠤ ᠠᠰᠢᠭ ᠬᠦᠷᠲᠡᠭᠡᠬᠦ ᠵᠦᠢᠯ ᠢ ᠪᠠᠶᠢᠷᠢᠯᠠᠭᠤᠯᠪᠠ︔ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡ ᠶᠢᠨ ᠳᠠᠭᠠᠳᠬᠠᠯ ᠤᠨᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠪᠢᠬᠥ᠋ᠮᠦᠨ ᠤ ᠲᠠᠩᠰᠠᠨ | ᠡᠷᠦᠬᠡ ᠶᠢᠨ ᠪᠠᠯᠠ ᠮᠥᠩᠭᠦ ᠪᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠣᠯᠠᠨ ᠲᠦᠮᠡᠨ ᠤ ᠡᠮᠴᠢᠯᠡᠭᠡ ᠶᠢᠨ | ᠳᠠᠷᠤᠭᠠᠰᠤ ᠶᠢ ᠬᠥᠩᠭᠡᠯᠡᠨ᠎ᠡ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠪᠠᠷ᠂ ᠤᠢᠢᠷ᠎ᠠ ᠶᠢᠨ ᠵᠢᠯ ᠡᠴᠠᠨᠠᠭᠠᠰᠢ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ | ᠰᠦᠢᠳᠬᠡᠯ ᠢ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠲᠠᠮᠠᠯ ᠥᠷᠭᠡᠨ ᠪᠦᠰᠡᠪᠠ | ᠰᠢᠯᠵᠢᠮᠡᠯ ᠰᠦᠯᠵᠢᠶᠡᠨ ᠤ ᠬᠤᠷᠳᠤᠯᠠᠮᠵᠢ ᠶᠡᠭᠡ ᠬᠡᠮᠵᠢᠶ᠎ᠡ ᠪᠠᠷ ᠳᠡᠭᠡᠭᠰᠢᠯᠡᠨ᠂ ᠬᠤᠷᠢᠶᠠᠬᠤ ᠰᠦᠢᠳᠬᠡᠯ ᠶᠡᠭᠡ | ᠬᠡᠮᠵᠢᠶ᠎ᠡ ᠪᠠᠷ ᠪᠠᠭᠤᠷᠠᠵᠤ᠂ ᠤᠯᠠᠨ ᠲᠦᠮᠡᠨ ᠤᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠤ | ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ ᠳᠤ ᠲᠤᠯᠭᠠᠭᠤᠷᠢᠯᠠᠬᠤ ᠦᠢᠯᠡᠳᠦᠯ ᠦᠵᠡᠭᠦᠯᠵᠦ᠂ᠠᠵᠢᠯ | ᠣᠯᠭᠤᠵᠤ ᠠᠳᠠᠯ ᠦᠢᠯᠡᠰ ᠪᠤᠰᠬᠠᠬᠤ᠂ ᠲᠣᠭᠠᠵᠢᠭᠤᠯᠤᠭᠰᠠᠨ ᠠᠵᠤ ᠠᠬᠤᠢ ᠶᠢᠨ ᠬᠥᠭᠵᠢᠯᠲᠡ ᠪᠠ ᠰᠢᠨ᠎ᠡ | ᠬᠥᠳᠡᠯᠭᠡᠬᠦ ᠴᠢᠳᠠᠪᠤᠷᠢ ᠶᠢᠨ ᠪᠤᠶᠢᠵᠢᠯᠲᠠ ᠵᠢᠠᠬᠢᠭᠤᠯᠵᠠᠢ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨᠰᠦ᠋ᠢᠳᠬᠡᠯ ᠢ | ᠪᠠᠭᠤᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ᠂5G ᠪᠠ ᠮᠢᠩᠭᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ ᠤᠨ | ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ᠮᠢᠩᠭᠠᠨ ᠰᠠᠶ᠎ᠠ | ᠬᠡᠷᠡᠯ ᠰᠢᠷᠬᠡᠭᠲᠦ ᠵᠠᠭᠤᠴᠢᠯᠠᠭᠤᠷ ᠤᠨ ᠰᠦᠯᠵᠢᠶ᠎ᠡ ᠶᠢ ᠲᠠᠰ ᠳᠡᠪᠰᠢᠭᠦᠯᠬᠦ ᠪᠠ ᠡᠷᠦᠬᠡ ᠳᠤ ᠣᠷᠣᠭᠤᠯᠬᠤ | ᠥᠭᠡᠷᠡᠴᠢᠯᠡᠯᠲᠡ ᠶᠢ ᠥᠷᠨᠢᠭᠦᠯᠵᠦ᠂ᠬᠤᠲᠠ ᠶᠢᠨ ᠲᠣᠭᠲᠠᠮᠠᠯ ᠪᠠ ᠰᠢᠯᠵᠢᠮᠡᠯ ︽ᠮᠢᠩᠭᠠᠨ ᠰᠠᠶ᠎ᠠ ᠡᠷᠦᠬᠡ ᠳᠤ ᠬᠦᠷᠬᠦ︾ | ᠴᠢᠳᠠᠪᠤᠷᠢ ᠦᠨᠳᠦᠰᠦᠨ ᠳᠤ ᠪᠠᠨ ᠪᠦᠷᠢᠯᠳᠦᠭᠦᠯᠬᠦ ᠶᠢ ᠠᠬᠢᠭᠤᠯᠤᠨ᠂ ᠡᠨᠡ ᠵᠢᠯᠮᠢᠩᠭᠠᠨ ᠰᠠᠶ᠎ᠠ ᠬᠡᠷᠡᠯ ᠰᠢᠷᠬᠡᠭᠲᠦ | ᠵᠠᠭᠤᠴᠢᠯᠠᠭᠤᠷ ᠤᠨ ᠰᠦᠯᠵᠢᠶ᠎ᠡ ᠶᠢ 2 ᠳ᠋ᠦᠩᠰᠢᠭᠤᠷ ᠭᠠᠷᠤᠶ ᠡᠷᠦᠬᠡ ᠳᠤ ᠪᠦᠷᠬᠦᠭᠦᠯᠬᠦ ᠶᠢ ᠪᠡᠶᠡᠯᠡᠭᠦᠯᠦᠨ᠎ᠡ᠃ ᠥᠷᠭᠡᠨ | ᠪᠦᠰᠡᠲᠦᠰᠦ᠋ᠯᠵᠢᠶᠡ ᠶᠢ ᠵᠠᠰᠠᠭ ᠵᠠᠬᠢᠷᠭᠠᠨ ᠤ ᠲᠣᠰᠬᠤᠨ ᠳᠤ ᠨᠡᠶᠢᠳᠡᠮ ᠪᠦᠷᠬᠦᠭᠦᠯᠬᠦ ᠶᠢ ᠠᠬᠢᠭᠤᠯᠬᠤ ᠶᠢᠨ ᠬᠠᠮᠲᠤ | ᠦᠢᠯᠡᠳᠪᠦᠷᠢᠯᠡᠯ ᠠᠵᠢᠯᠯᠠᠭᠠᠨ ᠤ ᠲᠣᠭᠤᠷᠢᠭ᠂ ᠵᠠᠮᠬᠠᠷᠢᠯᠴᠠᠭᠠᠨ ᠤ ᠴᠢᠬᠤᠯᠠ ᠵᠠᠮ ᠳᠠᠭᠠᠤ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠲᠡᠶᠢᠰᠢ ᠥᠷᠭᠡᠳᠬᠡᠨ᠎ᠡ᠃ ᠬᠤᠶᠠᠷ ᠲᠤ᠂ ᠰᠠᠭᠤᠷᠢ ᠴᠠᠬᠢᠯᠭᠠᠨᠬᠤᠯᠪᠣᠭᠠᠨ ᠤ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ ᠤᠨ ᠥᠷᠭᠡᠨ ᠪᠦᠰᠡ | ᠪᠠ ᠲᠤᠰᠬᠠᠶ ᠱᠤᠭᠤᠮ ᠤᠨᠲ᠋ᠤᠮᠳᠠᠴᠢ ᠰᠦᠢᠳᠬᠡᠯ ᠢ ᠲᠠᠬᠢᠨ 10% ᠪᠠᠷ ᠪᠠᠭᠤᠷᠠᠭᠤᠯᠵᠤ᠂ ᠨᠠᠰᠤᠲᠠᠶᠢᠴᠤᠳ᠂ | ᠵᠡᠮᠳᠡᠭᠴᠦᠳ ᠵᠡᠷᠭᠡ ᠣᠨᠴᠠᠭᠠᠶ ᠬᠦᠮᠦᠰ ᠲᠤ ᠵᠠᠷᠤᠳᠠᠯ ᠤᠨ ᠬᠠᠷᠠᠭᠠᠯᠵᠠᠯᠦᠵᠡᠭᠦᠯᠬᠦ ᠬᠡᠷᠡᠭᠲᠡᠢ᠃ ᠭᠤᠷᠪᠠ ᠳᠤ᠂ | ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ ᠶᠢᠨ ᠥᠷᠭᠡᠨ ᠪᠦᠰᠡᠲᠦ ᠰᠦᠯᠵᠢᠶ᠎ᠡ ᠶᠢ ᠭᠠᠭᠴᠠᠭᠠᠷ ᠡᠵᠡᠮᠰᠢᠨ | ᠵᠠᠯᠭᠠᠨᠣᠷᠣᠭᠤᠯᠬᠤ᠂ ᠠᠯᠪᠠᠳᠠᠯᠭ᠎ᠠ ᠪᠠᠷ ᠦᠨ᠎ᠡ ᠥᠰᠬᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ | ᠂ ᠲᠡᠭᠦᠰᠭᠡᠯ ᠦᠵᠦᠭᠦᠷ ᠤᠨ ᠰᠦᠯᠵᠢᠶᠡᠨ ᠤᠬᠡᠷᠡᠭᠯᠡᠭᠴᠢᠳ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ | ᠪᠠᠭᠤᠷᠠᠭᠤᠯᠤᠭᠰᠠᠨ ᠪᠣᠳᠠᠲᠤ ᠦᠷ᠎ᠡ ᠠᠰᠢᠭ ᠢ ᠣᠯᠵᠤ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ᠥᠷᠭᠡᠨ | ᠪᠦᠰᠡᠲᠦ ᠰᠦᠯᠵᠢᠶ᠎ᠡ ᠳᠤ ᠵᠠᠯᠭᠠᠵᠤ ᠣᠷᠣᠭᠤᠯᠬᠤ ᠲᠤᠬᠠᠶᠢᠯᠠᠭᠰᠠᠨ ᠠᠵᠢᠯ ᠢ ᠵᠥᠪᠰᠢᠶᠡᠷᠡᠨ ᠣᠷᠣᠭᠤᠯᠬᠤ | ᠪᠠᠷᠢᠮᠵᠢᠶ᠎ᠠ ᠶᠢ ᠵᠣᠬᠢᠰᠲᠠᠶ ᠪᠠᠷ ᠳᠣᠷᠣᠭᠰᠢᠯᠠᠭᠤᠯᠵᠤ᠂ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠶᠢᠨ | ᠣᠷᠣᠯᠴᠠᠬᠤ ᠶᠢ ᠲᠡᠮᠵᠢᠵᠤ᠂ ᠵᠠᠬ᠎ᠠ ᠳᠡᠯᠭᠡᠭᠦᠷ ᠤᠨ ᠲᠥᠪ ᠭᠤᠣᠯᠴᠢ ᠥᠷᠢᠰᠥᠯᠳᠦᠭᠡᠨ ᠢᠶᠠᠷ ᠵᠠᠷᠤᠳᠠᠯᠰᠦ᠋ᠢᠳᠬᠡᠯ ᠤᠨ | ᠪᠠᠭᠤᠷᠠᠯᠲᠠ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠴᠠᠬᠢᠯᠭᠠᠨ ᠬᠤᠯᠪᠣᠭᠠᠨ ᠤ ᠰᠠᠭᠤᠷᠢ ᠪᠡᠯᠡᠳᠬᠡᠮᠵᠢ ᠶᠢ | ᠬᠠᠮᠲᠤ ᠪᠠᠷ ᠪᠠᠶᠢᠭᠤᠯᠵᠤ ᠬᠠᠮᠲᠤ ᠪᠠᠷᠬᠦ᠋ᠷᠲᠡᠬᠦ ᠶᠢ ᠴᠢᠩᠭᠠᠳᠬᠠᠵᠤ᠂ ᠰᠦᠯᠵᠢᠶᠡᠨ ᠤ ᠡᠬᠢ ᠪᠠᠶᠠᠯᠢᠭ ᠤᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠢᠨᠲ᠋ᠧᠷ ᠰᠦᠯᠵᠢᠶᠡᠨ ᠤᠭᠤᠣᠯᠯᠠᠬᠤ ᠲᠣᠣᠷ ᠤᠨ | ᠬᠤᠭᠤᠷᠣᠨᠳᠣᠬᠢ ᠥᠷᠭᠡᠨ ᠪᠦᠰᠡ ᠶᠢᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠲᠣᠣᠷ ᠠᠯᠤᠰᠯᠠᠭᠰᠠᠨ | ᠴᠢᠮᠡᠭᠡ ᠬᠤᠯᠪᠣᠭᠠᠨ ᠤ ᠶᠠᠰᠤᠴᠢᠨᠠᠷ ᠢ ᠰᠠᠶᠢᠵᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠤᠨ ᠰᠢᠨ᠎ᠡ ᠨᠢᠭᠡᠨ ᠡᠭᠡᠯᠵᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠨᠢᠲ᠋ᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠠᠷᠪᠠ | ᠭᠠᠷᠤᠶ ᠳ᠋ᠦᠩᠰᠢᠭᠤᠷ ᠬᠥᠮᠦᠨ ᠳᠤ ᠠᠰᠢᠭ ᠬᠦᠷᠲᠡᠭᠡᠬᠦ ᠡᠮᠴᠢᠯᠡᠭᠡ ᠶᠢᠨ ᠦᠨᠳᠦᠰᠦᠨ ᠳᠠᠭᠠᠳᠬᠠᠯ ᠤᠨᠲ᠋ᠣᠣᠷ ᠢ | ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠡᠪᠡᠳᠴᠢᠨ | ᠦᠵᠡᠭᠦᠯᠬᠦ ᠳᠤ ᠵᠠᠷᠤᠳᠠᠯ ᠥᠨᠳᠥᠷ ᠪᠠᠶᠢᠬᠤᠠᠰᠠᠭᠤᠳᠠᠯ ᠢ ᠨᠠᠮᠳᠠᠭᠤᠯᠬᠤ ᠳᠤ ᠴᠢᠬᠤᠯᠠ ᠦᠢᠯᠡᠳᠦᠯ ᠭᠠᠷᠭᠠᠵᠠᠶ᠃ | ᠣᠶᠢᠷ᠎ᠠ ᠶᠢᠨ ᠵᠢᠯ ᠳᠤ᠂ ᠪᠠᠰᠠ ᠮᠠᠰᠢ ᠣᠯᠠᠨ ᠡᠪᠡᠳᠴᠢᠲᠡᠨ ᠳᠤ ᠬᠤᠯᠪᠣᠭᠳᠠᠭᠰᠠᠨ ᠴᠢᠰᠤᠨᠲ᠋ᠠᠷᠤᠯᠲᠠ ᠥᠨᠳᠥᠷ | ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ | ᠡᠪᠡᠳᠴᠢᠨ ᠢ ᠡᠮᠴᠢᠯᠡᠭᠡ ᠵᠢᠨᠲ᠋ᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠬᠤ ᠪᠠᠷ ᠪᠣᠢ᠃ | ᠲᠠᠷᠠᠭᠠᠴᠢ ᠶᠢᠨ ᠠᠯᠬᠤᠮ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠵᠢᠨᠴᠢᠳᠠᠮᠵᠢ ᠶᠢ ᠴᠢᠩᠭᠠᠳᠬᠠᠵᠤ᠂ ᠨᠠᠩ ᠣᠯᠠᠨ ᠡᠭᠦᠳᠡᠨ ᠡᠮᠨᠡᠯᠭᠡ ᠶᠢᠨ ᠵᠠᠷᠤᠳᠠᠯ ᠢ | ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ᠡᠪᠡᠳᠴᠢᠲᠡᠨ ᠤ ᠳᠠᠷᠤᠭᠠᠰᠤ ᠶᠢ | ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠡᠷᠡᠭᠦᠯ | ᠮᠡᠨᠳᠦ ᠳ᠋ᠤ᠋ᠬᠥ᠋ᠨᠥᠭᠡᠯ ᠶᠡᠭᠡ᠂ ᠵᠠᠷᠤᠳᠠᠯ ᠰᠦᠢᠳᠬᠡᠯ ᠤᠨ ᠳᠠᠷᠤᠭᠠᠰᠤ ᠬᠦᠨᠳᠦ ᠬᠡᠰᠡᠭ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠶ ᠣᠨᠴᠠᠭᠠᠢ ᠡᠪᠡᠳᠴᠢᠨ ᠪᠠ ᠣᠯᠠᠨ ᠡᠭᠦᠰᠳᠡᠭᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠤ | ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦᠨ ᠳᠤ | ᠣᠷᠣᠭᠤᠯᠵᠤᠲ᠋ᠥ᠋ᠯᠥᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠳᠥᠯᠥᠬᠦ ᠬᠠᠷᠢᠴᠠᠯ ᠢ | 50% ᠠᠴᠠ ᠡᠬᠢᠯᠡᠭᠦᠯᠵᠦ᠂ ᠠᠵᠢᠯ ᠠᠴᠠ ᠪᠠᠨ ᠠᠮᠠᠷᠠᠭᠰᠠᠳ ᠲᠡᠶᠢᠰᠢᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ | ᠬᠤᠶᠢᠰᠢᠳᠠ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠶᠢᠨ ᠨᠡᠮᠡᠭᠳᠡᠬᠦ ᠶᠢ ᠳᠠᠭᠠᠯᠳᠤᠨ ᠪᠠᠲᠤᠯᠠᠭ᠎ᠠ ᠶᠢᠨ ᠬᠢᠷᠢ | ᠬᠡᠮᠵᠢᠶ᠎ᠡ ᠵᠢᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠤᠪᠢ ᠬᠥᠮᠦᠨ ᠤ ᠲᠠᠩᠰᠠᠨ | ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠰᠠᠶᠢᠵᠢᠷᠠᠭᠤᠯᠬᠤᠬᠡᠷᠡᠭᠲᠡᠢ᠃ ᠠᠵᠢᠯ ᠤᠨ ᠪᠠᠶᠢᠷᠢ ᠳᠤ ᠪᠠᠶᠢᠭ᠎ᠠ | ᠠᠵᠢᠯᠲᠠᠨ ᠠᠵᠢᠯᠴᠢᠨ ᠤ ᠬᠤᠪᠢ ᠬᠥᠮᠦᠨ ᠤ ᠲᠤᠰᠢᠶᠠᠬᠤ ᠰᠦᠢᠳᠬᠡᠯ ᠢ ᠮᠥᠨ ᠬᠤᠪᠢ ᠬᠥᠮᠦᠨ ᠤ ᠲᠠᠩᠰᠠᠨ | ᠡᠷᠦᠬᠡ ᠳ᠋ᠤ᠋ᠪᠣᠳᠣᠨ ᠣᠷᠣᠭᠤᠯᠵᠤ᠂ ᠪᠠᠶᠢᠭᠤᠯᠭ᠎ᠠ ᠨᠢᠭᠡᠴᠢ ᠶᠢᠨ ᠲᠤᠰᠢᠶᠠᠬᠤ ᠰᠦᠢᠳᠬᠡᠯ ᠢ ᠪᠦᠬᠦᠨ ᠢ ᠨᠢᠭᠡᠳᠦᠯᠲᠡᠶ | ᠲᠥᠯᠥᠪᠯᠡᠬᠦ ᠰᠠᠭᠤᠷᠢ ᠮᠥᠩᠭᠦ ᠳᠤ ᠪᠤᠳᠤᠵᠤ ᠣᠷᠣᠭᠤᠯᠤᠨ᠎ᠠ︔ᠠᠵᠢᠯ ᠠᠴᠠ ᠪᠠᠨ ᠠᠮᠠᠷᠠᠭᠰᠠᠳ ᠤᠨ ᠬᠤᠪᠢ | ᠬᠥᠮᠦᠨ ᠤ ᠲᠠᠩᠰᠠᠨ ᠡᠷᠦᠬᠡ ᠶᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠲᠣᠭᠲᠠᠭᠰᠠᠨ | ᠨᠣᠷᠮ᠎ᠠ ᠪᠠᠷᠬᠤᠪᠢᠶᠠᠷᠢᠯᠠᠨ ᠣᠷᠣᠭᠤᠯᠵᠤ᠂ ᠬᠤᠪᠢᠶᠠᠷᠢᠯᠠᠨ ᠣᠷᠣᠭᠤᠯᠬᠤ ᠲᠤᠭ᠎ᠠ ᠬᠡᠮᠵᠢᠶ᠎ᠡ ᠶᠢ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠤ ᠲᠣᠰ ᠵᠦᠢᠯ ᠤᠨ ᠥᠭᠡᠷᠡᠴᠢᠯᠡᠯᠲᠡ ᠵᠢᠬᠡᠷᠡᠭᠵᠢᠭᠦᠯᠦᠭᠰᠡᠨ ᠲᠤᠬᠠᠶ ᠶᠢᠨ ᠵᠢᠯ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠤᠮᠳᠠᠴᠢ ᠬᠢᠷᠢ ᠲᠦᠪᠰᠢᠨ ᠤ 2% ᠣᠷᠴᠢᠮ | ᠬᠦᠷᠲᠡᠯᠡᠠᠯᠬᠤᠮ ᠠᠯᠬᠤᠮ ᠢᠶᠠᠷ ᠲᠣᠬᠢᠷᠠᠭᠤᠯᠬᠤ ᠬᠡᠷᠡᠭᠲᠡᠢ᠃ ᠭᠤᠷᠪᠠ ᠳᠤ᠂ ᠬᠤᠪᠢ ᠬᠥᠮᠦᠨ ᠤ ᠲᠠᠩᠰᠠᠨ | ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠬᠡᠷᠪᠦ᠋ᠯᠢ ᠶᠢᠨ ᠪᠦᠷᠢᠯᠳᠦᠬᠦᠨ ᠤ ᠬᠠᠷᠢᠯᠴᠠᠨ ᠬᠠᠷᠠᠭᠠᠯᠵᠠᠬᠤ ᠶᠢ | ᠵᠥᠪᠰᠢᠶᠡᠷᠡᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠵᠢᠴᠢ ᠴᠡᠭᠲ᠋ᠣᠭᠲᠠᠭᠠᠭᠰᠠᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ | ᠡᠮᠴᠢᠯᠡᠭᠡᠨ ᠳᠤ ᠬᠡᠷᠡᠭᠯᠡᠬᠦ ᠬᠤᠷᠣᠭᠳᠠᠯᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ | ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ᠂ ᠬᠡᠷ ᠪᠦᠯᠢ ᠶᠢᠨ ᠬᠢᠨ ᠤ ᠬᠤᠲᠠᠬᠥ᠋ᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠵᠡᠷᠭᠡ ᠬᠤᠪᠢ ᠬᠥᠮᠦᠨ ᠤ ᠰᠦᠢᠳᠬᠡᠯ | ᠲᠤᠰᠢᠶᠠᠬᠤ ᠳ᠋ᠤ᠋ᠬᠡᠷᠡᠭᠯᠡᠬᠦ ᠶᠢ ᠰᠦᠪᠡᠭᠴᠢᠯᠡᠬᠦ ᠬᠡᠷᠡᠭᠲᠡᠢ᠃ ᠳᠥᠷᠪᠡ ᠳᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ᠬᠠᠷᠭᠤᠭᠤᠯᠤᠨ ᠪᠤᠳᠤᠬᠤ᠂ ᠳᠣᠲᠣᠭᠠᠳᠤ ᠳᠤ ᠪᠠᠨ | ᠡᠵᠡᠮᠳᠡᠬᠦ ᠵᠡᠷᠭᠡ ᠲᠦᠷᠢᠮ ᠢ ᠲᠡᠭᠦᠯᠳᠡᠷᠵᠢᠭᠦᠯᠦᠨ᠂ ᠬᠤᠳᠠᠯ ᠬᠠᠭᠤᠷᠮᠠᠭ ᠢᠶᠠᠷ ᠡᠮᠨᠡᠯᠭᠡ ᠳᠤ ᠰᠠᠭᠤᠬᠤ᠂ᠬᠠᠭᠤᠷᠮᠠᠭᠯᠠᠨ | ᠬᠢᠬᠠᠵᠤ ᠳᠠᠭᠠᠳᠬᠠᠯ ᠮᠡᠬᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠲᠠᠢ ᠵᠣᠬᠢᠴᠠᠯᠳᠤᠭᠰᠠᠨ | ᠰᠦᠢᠳᠬᠡᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ᠬᠤᠷᠠᠯ ᠠᠴᠠ ᠴᠢᠬᠤᠯᠠᠴᠢᠯᠠᠬᠤ ᠳᠤ ᠪᠠᠨ᠂ | ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠭᠤᠷᠪᠠᠨ ᠵᠢᠯ ᠣᠷᠴᠢᠮ ᠤᠨ ᠰᠢᠯᠵᠢᠯᠲᠡ ᠶᠢᠨ | ᠬᠤᠭᠤᠴᠠᠭ᠎ᠠ ᠵᠢᠲ᠋ᠣᠭᠲᠠᠭᠠᠵᠤ᠂ ᠥᠭᠡᠷᠡᠴᠢᠯᠡᠯᠲᠡ ᠶᠢᠨ ᠬᠠᠷᠠᠯᠲᠠ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ | ᠪᠡᠶᠡᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ ᠪᠠᠰᠠᠱᠠᠭᠠᠷᠳᠠᠬᠤ ᠳᠤ ᠪᠠᠨ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠨᠢᠭᠡᠳᠦᠯᠲᠡᠶᠲ᠋ᠥ᠋ᠯᠥᠪᠯᠡᠭᠡ ᠶᠢ | ᠲᠡᠭᠦᠯᠳᠡᠷᠵᠢᠭᠦᠯᠬᠦ ᠶᠢᠨ ᠬᠠᠮᠲᠤ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ | ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |