ᠼᠦᠢ ᠬᠤᠩ ᠪᠥᠸᠧ
ᠨᠡᠶᠢᠲᠡᠯᠡᠭᠰᠡᠨ ᠴᠠᠭ᠄
2021/5/1
     ᠤᠳᠤᠷᠢᠳᠤᠯᠭ᠎ᠠ ᠶᠢᠨ ᠲᠠᠨᠢᠯᠴᠠᠭᠤᠯᠭ᠎ᠠ  ᠄ ᠼᠦᠢ ᠬᠤᠩ ᠪᠥᠸᠧ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 9 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠬᠥᠮᠦᠨ᠃ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠪᠠᠴᠧᠯᠧᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠰᠠᠯᠪᠤᠷᠢ ᠶᠢᠨ ᠠᠮᠢᠳᠤ ᠪᠣᠳᠠᠰ ᠤᠨ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠴᠡᠢ᠃ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠎ ᠤᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠴᠡᠢ᠃ ᠱᠠᠩᠬᠠᠶ ᠶᠢᠨ ᠲᠦᠩ ᠵᠢᠶ ᠶᠡᠭᠡ ᠰᠤᠷᠭᠠᠭᠤᠯᠢ ᠶᠢᠨ ᠵᠥᠭᠡᠯᠡᠨ ᠲᠣᠨᠤᠭ ᠤᠨ ᠢᠨᠵᠧᠨᠧᠷᠢᠩ ᠤᠨ ᠮᠠᠰᠲ᠋ᠧᠷ᠃ 1996 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1997 ᠣᠨ ᠤ 7 ᠰᠠᠷ᠎ᠠ ᠳᠤ ᠠᠵᠢᠯ ᠳᠤ ᠣᠷᠣᠵᠠᠶ᠃       ᠲᠤᠰᠢᠶᠠᠯ᠄ ᠤᠳᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠯᠠᠭᠴᠢ ᠳᠠᠷᠤᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃        ᠠᠵᠢᠯ ᠤᠨ ᠡᠭᠦᠷᠭᠡ ᠬᠠᠷᠢᠭᠤᠴᠠᠯᠭ᠎ᠠ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠎ ᠶᠢᠨ ᠠᠵᠢᠯ ᠢ ᠤᠳᠤᠷᠢᠳᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号