《 ᠵᠣᠯ ᠵᠢᠷᠭᠠᠯᠲᠤ  ᠪᠢᠨ ᠾᠧ ᠭᠡᠷ 》᠎ ᠶᠢ ᠪᠥᠲᠥᠭᠡᠨ ᠪᠠᠶᠢᠭᠤᠯᠤᠶ᠎ᠠ — ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢᠦ ᠯᠢ ᠬᠤᠸᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2021/7/23
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠳᠠᠷᠤᠢ ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷ ᠢ ᠲᠡᠦᠬᠡ ᠪᠠᠷ ᠲᠤᠯᠢ ᠪᠣᠯᠭᠠᠵᠤ᠂ ᠲᠡᠦᠬᠡ ᠪᠠᠷ ᠣᠶᠢᠯᠠᠯᠭ᠎ᠠ ᠪᠣᠯᠭᠠᠵᠤ᠂ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡᠳᠦᠯᠭᠡ ᠳᠤ ᠦᠢᠯᠡᠳᠦᠯᠭᠡᠵᠢᠭᠦᠯᠬᠦ ᠪᠠᠷ ᠬᠥᠮᠦᠵᠢᠭᠦᠯᠦᠨ ᠳᠠᠭᠠᠭᠤᠯᠬᠤ ᠶᠠᠪᠤᠳᠠᠯ ᠪᠣᠯᠤᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠨᠠᠮ ᠤᠨ ᠭᠡᠰᠢᠭᠦᠨ ᠤᠯᠠᠨ ᠲᠦᠮᠡᠨ ᠤ ᠬᠠᠯᠠᠭᠤᠨ ᠳᠤᠯᠠᠭᠠᠨ ᠎ ᠢ ᠴᠠᠭ ᠢᠮᠠᠭᠲᠠ ᠰᠡᠳᠬᠢᠯ ᠳᠡᠭᠡᠨ ᠪᠤᠳᠤᠬᠤ ᠬᠡᠷᠡᠭᠲᠡᠢ᠃      ᠨᠢᠭᠡ ᠳᠤ᠂ ᠳᠣᠲᠣᠨᠣᠴᠢᠯᠠᠭᠴᠢ ᠪᠣᠯᠵᠣ ᠬᠤᠪᠢᠰᠬᠠᠯ ᠤᠨ ᠡᠬᠢ ᠪᠠᠶᠠᠯᠢᠭ ᠢ ᠬᠡᠷ ᠲᠡᠭᠡᠨ ᠬᠦᠷᠭᠡᠨ᠎ᠡ᠃ ᠠᠬᠠᠮᠠᠳ ᠨᠠᠮ ᠤᠨ ᠭᠡᠰᠢᠭᠦᠨ ᠤ ᠶᠠᠪᠤᠵᠤ ᠰᠠᠭᠤᠬᠤ ᠳᠤ ᠳᠥᠭᠦᠮ ᠦᠭᠡᠢ᠂ ᠤᠩᠰᠢᠯᠭ᠎ᠠ ᠶᠢᠨ ᠬᠠᠷᠰᠢ ᠰᠠᠭᠠᠳ ᠵᠡᠷᠭᠡ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠎ ᠠᠴᠠ ᠨᠠᠮ ᠤᠨ ᠲᠡᠦᠬᠡ ᠶᠢᠨ ᠥᠯᠢᠭᠡᠷ᠂ ᠤᠯᠠᠭᠠᠨ ᠳᠠᠭᠤᠤ ᠵᠠᠭᠤᠨ ᠪᠠᠳᠠᠭ ᠵᠡᠷᠭᠡ ᠶᠢ 《 ᠬᠡᠷ ᠲᠤᠨᠢ ᠬᠦᠷᠭᠡᠵᠦ 》᠂ ᠰᠤᠷᠤᠯᠴᠠᠬᠤ ᠠᠭᠤᠯᠭ᠎ᠠ ᠶᠢ 《 ᠬᠤᠪᠢᠰᠬᠠᠯᠲᠤ ᠲᠠᠭᠤᠨ ᠬᠠᠶᠢᠷᠴᠠᠭ 》᠎ ᠲᠤ ᠰᠢᠩᠭᠡᠭᠡᠨ ᠦᠶᠯᠡᠳᠴᠦ᠂ 《 ᠬᠡᠷ ᠲᠤᠨᠢ ᠬᠦᠷᠭᠡᠵᠦ ᠥᠭᠬᠦ 》 ᠠᠷᠭ᠎ᠠ ᠬᠡᠯᠪᠡᠷᠢ ᠪᠠᠷ ᠨᠠᠮ ᠤᠨ ᠭᠡᠰᠢᠭᠦᠨ ᠤ ᠭᠠᠷ ᠲᠤ ᠬᠦᠷᠭᠡᠵᠦ᠂ ᠨᠠᠮ ᠤᠨ ᠲᠡᠦᠬᠡ ᠶᠢᠨ ᠬᠥᠮᠦᠵᠢᠯ ᠢ ᠨᠡᠶᠢᠳᠡᠮ ᠪᠦᠷᠬᠦᠭᠦᠯᠪᠡ᠃ ᠣᠳᠣ ᠨᠢᠭᠡᠨᠲᠡ 61 《 ᠤᠯᠠᠭᠠᠨ ᠳᠠᠭᠤᠨ ᠤ ᠬᠠᠢᠷᠴᠠᠭ 》᠎ ᠢ ᠬᠦᠷᠭᠡᠪᠡ᠃ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠨᠠᠮ ᠤᠨ ᠭᠡᠰᠢᠭᠦᠨ ᠳᠤ 《 ᠤᠯᠠᠭᠠᠨ ᠪᠣᠭᠤᠳᠠᠯ 》 ᠢᠯᠡᠭᠡᠵᠦ᠂ ᠲᠡᠳᠡᠨ ᠢ ᠣᠨᠳᠣᠣ ᠭᠠᠵᠠᠷ ᠲᠤ ᠴᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠮᠡᠳᠡᠷᠡᠭᠦᠯᠵᠦ᠂ ᠨᠠᠮ ᠤᠨ ᠭᠡᠰᠢᠭᠦᠨ ᠨᠢᠭᠡᠪᠦᠷᠢ ᠶᠢᠨ 《 ᠰᠤᠷᠤᠯᠭ᠎ᠠ ᠠᠴᠠ ᠪᠠᠨ ᠬᠤᠴᠣᠷᠬᠤ ᠦᠭᠡᠢ 》᠂ 《 ᠡᠩᠨᠡᠭᠡ ᠠᠴᠠ ᠪᠠᠨ ᠬᠤᠴᠣᠷᠬᠤ ᠦᠭᠡᠢ 》 ᠪᠠᠶᠢᠬᠤ ᠶᠢ ᠦᠨᠡᠨ ᠬᠦ ᠪᠠᠲᠤᠯᠠᠪᠠ᠃      ᠬᠤᠶᠠᠷ ᠲᠤ᠂ ᠰᠡᠳᠬᠢᠯ ᠢ ᠮᠡᠳᠡᠭᠴᠢ ᠪᠣᠯᠵᠣ᠂ ᠬᠠᠷᠮᠠᠨ ᠳᠠᠬᠢ ᠨᠠᠮ ᠤᠨ ᠭᠡᠰᠢᠭᠦᠨ ᠢ ᠬᠡᠷ ᠲᠡᠭᠡᠨ ᠳᠠᠭᠠᠭᠤᠯᠵᠤ ᠠᠪᠠᠴᠢᠨ᠎ᠠ᠃ 《 ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》᠎ ᠲᠠᠢ ᠤᠶᠠᠯᠳᠤᠭᠤᠯᠤᠨ᠂ ᠡᠯ᠎ᠡ ᠰᠠᠭᠤᠭᠠᠯᠢ ᠲᠣᠭᠤᠷᠢᠭ ᠵᠢᠴᠢ ᠴᠢᠬᠤᠯᠠ ᠣᠷᠣᠵᠤ ᠭᠠᠷᠬᠤ ᠭᠠᠵᠠᠷ ᠲᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ 《 ᠨᠠᠮ ᠤᠨ ᠭᠡᠰᠢᠭᠦᠨ ᠢ ᠡᠷᠢᠵᠦ ᠬᠡᠷ ᠲᠡᠭᠡᠨ ᠬᠠᠷᠢᠬᠤ 》 ᠲᠡᠮᠳᠡᠭ ᠫᠠᠶᠢᠰᠠ ᠶᠢ 42 ᠡᠯᠭᠦᠵᠦ᠂ 3 ᠬᠠᠷᠮᠠᠨ ᠳᠠᠬᠢ ᠨᠠᠮ ᠤᠨ ᠭᠡᠰᠢᠭᠦᠨ ᠢ ᠬᠠᠪᠰᠤᠷᠴᠤ ᠨᠠᠮ ᠤᠨ ᠵᠣᠬᠢᠶᠠᠨ ᠪᠠᠶᠢᠭᠤᠯᠤᠯᠲᠠ ᠶᠢ ᠠᠮᠵᠢᠯᠲᠠ ᠲᠠᠢ ᠡᠷᠢᠵᠦ ᠣᠯᠵᠤ᠂ ᠨᠠᠮ ᠤᠨ ᠭᠡᠰᠢᠭᠦᠳ ᠲᠤ ᠨᠠᠮ ᠤᠨ ᠵᠣᠬᠢᠶᠠᠨ ᠪᠠᠶᠢᠭᠤᠯᠤᠯᠲᠠ ᠎ ᠶᠢᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠪᠡ᠃      ᠭᠤᠷᠪᠠ ᠳᠤ᠂ ᠰᠡᠳᠬᠢᠯ ᠢ ᠳᠤᠯᠠᠭᠠᠴᠠᠭᠤᠯᠤᠭᠴᠢ ᠶᠢᠨ ᠠᠵᠢᠯ ᠢ ᠰᠠᠶᠢᠳᠤᠷ ᠬᠢᠵᠤ᠂ ᠦᠨᠳᠦᠰᠦᠲᠡᠨ ᠤ ᠪᠦᠯᠬᠦᠮᠳᠡᠯ ᠳᠤ ᠨᠢᠭᠡ ᠬᠡᠷ ᠪᠦᠯᠢ ᠮᠡᠳᠤ ᠠᠭᠤᠰᠤᠯᠴᠠᠨ᠎ᠠ᠃《 ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ 》 ᠪᠠᠶᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠳᠠᠭᠠᠭᠠᠴᠢᠯᠠᠨ ᠬᠤᠯᠪᠣᠭᠠᠯᠠᠬᠤ ᠭᠡᠷ ᠪᠦᠯᠢ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠦᠬᠠᠶ ᠶᠢᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ ᠲᠠᠢ ᠬᠠᠮᠲᠤᠷᠠᠨ 《 ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠵᠤ ᠤᠯᠤᠰ ᠤᠨ ᠬᠡᠦᠬᠡᠳ ᠲᠠᠢ ᠰᠡᠳᠬᠢᠯ ᠵᠢᠷᠦᠬᠡ ᠪᠠᠨ ᠬᠤᠯᠪᠣᠶ᠎ᠠ 》 ᠭᠡᠬᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ 5 《 ᠤᠯᠤᠰ ᠤᠨ ᠬᠡᠦᠬᠡᠳ 》᠎ ᠢ ᠤᠷᠢᠵᠤ 《 ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ 》 ᠠᠮᠢᠳᠤᠯᠢᠭ ᠥᠯᠢᠭᠡᠷ ᠢ ᠶᠠᠷᠢᠭᠤᠯᠪᠠ᠃《 ᠵᠠᠭᠤᠨ ᠵᠢᠯ ᠡᠷᠡᠮᠡᠬᠡᠶᠢᠯᠡᠨ ᠲᠡᠮᠡᠴᠡᠵᠦ ᠰᠢᠨ᠎ᠡ ᠠᠶᠠᠯᠠᠯ ᠢᠶᠠᠨ ᠡᠬᠢᠯᠡᠭᠦᠯᠬᠦ 》 ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠭᠠᠨ ᠴᠡᠷᠢᠭ ᠤᠨ ᠦᠶ᠎ᠡ ᠶᠢᠨ ᠬᠤᠪᠢᠰᠬᠠᠯ ᠤᠨ ᠣᠨ ᠰᠠᠷ᠎ᠠ ᠶᠢ ᠡᠷᠭᠢᠴᠡᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠬᠠᠪᠠ᠃ ᠨᠠᠮ ᠤᠨ ᠭᠡᠰᠢᠭᠦᠳ ᠦᠢᠯᠡ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠷᠲᠤ ᠵᠠᠮ ᠤᠨ ᠠᠶᠠᠨ ᠳᠠᠢᠨ ᠤ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠦᠶ᠎ᠡ᠃ ᠡᠯ᠎ᠡ ᠲᠥᠷᠥᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠢ 《 ᠵᠣᠯ ᠵᠢᠷᠭᠠᠯᠲᠤ  ᠪᠢᠨ ᠾᠧ ᠬᠡᠷ 》᠎ ᠲᠤ ᠠᠭᠤᠰᠤᠯᠴᠠᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号