7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 2 ᠳ᠋ᠤᠭᠠᠷ ᠤᠳᠠᠭᠠᠨ ᠤ ᠪᠥᠬᠦᠳᠡ ᠬᠤᠷᠠᠯ ᠵᠢᠴᠢ | ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ | ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠠᠶ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ | ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠮᠠᠨ ᠤ ᠬᠤᠲᠠ ᠶᠢᠨ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠳᠠᠯᠳᠠᠭᠤᠷ | ᠰᠤᠷᠪᠤᠯᠵᠢᠯᠠᠨ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠲᠣᠭᠤᠷᠢᠭ ᠡᠯ᠎ᠡ ᠰᠠᠯᠠᠭ᠎ᠠ | ᠮᠥᠴᠢᠷ ᠤᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠠᠬᠢᠭᠤᠯᠵᠤ ᠪᠠᠶᠢᠳᠠᠯ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠤᠭᠰᠠᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠥᠬᠦᠶ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠳᠠᠬᠢᠨ | ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ | ᠼᠦᠢ ᠵᠢᠩ ᠶᠢᠩ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ | ᠭᠤᠤᠯ ᠪᠣᠯᠭᠠᠬᠤ ᠶᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠪᠠᠷᠢᠮᠲᠠᠯᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ | ᠂ ᠲᠦᠢᠯ ᠢᠶᠠᠷ ᠴᠢᠬᠤᠯᠠᠴᠢᠯᠠᠵᠤ᠂ ᠲᠦᠢᠯ ᠢᠶᠠᠷ ᠬᠠᠷᠢᠭᠤᠴᠠᠬᠤ ᠣᠪᠣᠷ ᠢᠶᠠᠷ ᠲᠠᠷᠢᠶᠠᠯᠠᠬᠤ ᠣᠷᠣᠨ ᠤ ᠡᠷᠦᠬᠡ ᠶᠢᠨ | ᠵᠣᠷᠯᠣᠩ ᠢ ᠥᠭᠡᠷᠡᠴᠢᠯᠡᠨ ᠵᠠᠰᠠᠵᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ | ᠂ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠬᠡᠷᠡᠭᠳᠡᠢ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠵᠢᠯ ᠤᠨ ᠬᠤᠭᠤᠴᠠᠭ᠎ᠠ ᠪᠠᠨ | ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠭᠦᠨᠵᠡᠭᠡᠢ ᠵᠢᠭᠰᠠᠭᠠᠨ ᠪᠠᠶᠢᠴᠠᠭᠠᠬᠤ ᠶᠢ ᠴᠢᠩᠭ᠎ᠠ ᠪᠣᠳᠠᠲᠠᠢ ᠰᠠᠶᠢᠲᠤᠷ ᠬᠢᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠷᠦᠬᠡ ᠶᠢᠨ ᠵᠣᠷᠯᠣᠩ ᠤᠨ | ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ | ᠬᠠᠮᠠᠭᠠᠯᠠᠬᠤ ᠲᠣᠭᠲᠠᠴᠠ ᠪᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠵᠣᠷᠯᠣᠩ ᠤᠨ ᠬᠤᠪᠢᠰᠬᠠᠯ︾ ᠢ ᠦᠨᠡᠨᠬᠦ | ᠤᠯᠠᠨ ᠲᠦᠮᠡᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠪᠣᠯᠭᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ | ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠠᠮᠲᠤᠷᠠᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ | ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ | ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠬᠥᠭᠵᠢᠯᠲᠡ | ᠪᠣᠯᠤᠨ ᠠᠵᠤ ᠦᠢᠯᠡᠰ ᠤᠨ ᠬᠥᠭᠵᠢᠯ ᠮᠠᠨᠳᠤᠯ᠂ ᠤᠶᠤᠨ ᠤ ᠳᠡᠮᠵᠢᠯᠭᠡ ᠪᠣᠯᠤᠨ ᠴᠢᠳᠠᠪᠤᠷᠢᠲᠠᠨ ᠤ ᠬᠥᠭᠵᠢᠯ ᠮᠠᠨᠳᠤᠯ᠂ | ᠤᠶᠤᠨ ᠤ ᠪᠣᠯᠪᠠᠰᠤᠨ ᠪᠣᠯᠤᠨ ᠰᠣᠶᠣᠯ ᠤᠨ ᠬᠥᠭᠵᠢᠯ ᠮᠠᠨᠳᠤᠯ᠂ ᠪᠠᠶᠢᠭᠤᠯᠤᠮᠵᠢ ᠡᠩᠨᠡᠭᠡ ᠪᠣᠯᠤᠨ ᠵᠣᠬᠢᠶᠠᠨ | ᠪᠠᠶᠢᠭᠤᠯᠤᠯᠲᠠ ᠶᠢᠨ ᠬᠥᠭᠵᠢᠯ ᠮᠠᠨᠳᠤᠯ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠪᠣᠯᠤᠨ ᠠᠮᠢ ᠠᠬᠤᠢ ᠶᠢᠨ | ᠬᠥᠭᠵᠢᠯ ᠮᠠᠨᠳᠤᠯ ᠵᠡᠷᠭᠡ ᠶᠢ ᠪᠦᠲᠦᠮᠵᠢᠲᠡᠢ ᠵᠣᠯᠭᠠᠭᠤᠯᠬᠤ ᠶᠢ ᠨᠢᠭᠡ ᠴᠤᠭᠴᠠᠵᠢᠭᠤᠯᠤᠨ ᠰᠦᠪᠡᠭᠴᠢᠯᠡᠵᠦ᠂ | ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠥᠷᠭᠡᠨ ᠤᠯᠠᠨ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠢ ᠨᠡᠩ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠬᠤ ᠬᠡᠷᠡᠭᠳᠡᠢ᠃ | |