ᠮᠠᠨ ᠤ ᠬᠤᠲᠠ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠵᠢᠴᠢ ᠣᠨᠣᠯ ᠤᠨ ᠤᠬᠠᠭᠤᠯᠤᠨ ᠲᠠᠶᠢᠯᠪᠤᠷᠢᠯᠠᠬᠤ ᠭᠤᠤᠯᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/7/30
      ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ ᠬᠤᠲᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠭᠤᠤᠯᠯᠠᠭᠴᠢ ᠶᠢᠨ ᠣᠨᠣᠯ ᠤᠨ ᠬᠢᠷᠢ ᠲᠦᠪᠰᠢᠨ ᠪᠠ ᠤᠬᠠᠭᠤᠯᠤᠨ ᠲᠠᠶᠢᠯᠪᠤᠷᠢᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 28᠎ ᠤ ᠡᠳᠦᠷ᠂ ᠮᠠᠨ ᠤ ᠬᠤᠲᠠ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠵᠢᠴᠢ ᠣᠨᠣᠯ ᠤᠨ ᠤᠬᠠᠭᠤᠯᠤᠨ ᠲᠠᠶᠢᠯᠪᠤᠷᠢᠯᠠᠬᠤ ᠭᠤᠤᠯᠯᠠᠭᠴᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ᠃        ᠪᠣᠯᠪᠠᠰᠤᠷᠠᠯ ᠤᠨ ᠠᠩᠭᠢ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠤᠭᠳᠠᠯ ᠪᠥᠬᠦᠶ ᠠᠵᠢᠯᠲᠠᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠤᠬᠠᠶ ᠳᠥᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠲᠠᠨ ᠰᠤᠷᠤᠯᠴᠠᠬᠤ ᠳᠠᠭᠠᠨ ᠴᠢᠳᠠᠮᠠᠭᠠᠶ ᠪᠠᠶᠢᠵᠤ᠂ ᠤᠬᠠᠭᠤᠯᠤᠨ ᠲᠠᠶᠢᠯᠪᠤᠷᠢᠯᠠᠬᠤ ᠠᠭᠤᠯᠤᠭᠳᠠᠬᠤᠨ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠬᠡᠷᠡᠭᠲᠡᠶ︔ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠴᠢᠩᠭ᠎ᠠ ᠠᠳᠬᠤᠬᠤ ᠬᠡᠷᠡᠭᠲᠡᠢ︔ ᠤᠬᠠᠭᠤᠯᠤᠨ ᠲᠠᠶᠢᠯᠪᠤᠷᠢᠯᠠᠬᠤ ᠤᠨᠤᠯ ᠢ ᠤᠯᠠᠨ ᠲᠦᠮᠡᠨᠴᠢᠯᠡᠬᠦ ᠶᠢ ᠪᠡᠶᠡᠯᠡᠭᠦᠯᠬᠦ ᠬᠡᠷᠡᠭᠳᠡᠢ︔ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠤᠨᠤᠯ ᠢᠶᠠᠷ ᠦᠢᠯᠡᠳᠦᠯᠭᠡ ᠶᠢ ᠵᠢᠯᠣᠭᠤᠳᠣᠭᠤᠯᠬᠤ ᠬᠡᠷᠡᠭᠳᠡᠢ᠃ ᠤᠬᠠᠭᠤᠯᠤᠨ ᠲᠠᠶᠢᠯᠪᠤᠷᠢᠯᠠᠭᠴᠢ ᠲᠤᠰ ᠪᠡᠶ᠎ᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠬᠢᠴᠢᠶᠡᠯ ᠪᠡᠯᠡᠳᠬᠡᠵᠦ᠂ ᠤᠬᠠᠭᠤᠯᠤᠨ ᠲᠠᠶᠢᠯᠪᠤᠷᠢᠯᠠᠬᠤ ᠶᠢᠨ ᠲᠤᠰᠬᠠᠢ ᠮᠡᠷᠭᠡᠵᠢᠯ ᠤᠨ ᠴᠢᠨᠠᠷ ᠪᠣᠯᠤᠨ ᠮᠡᠳᠡᠯᠭᠡ ᠶᠢᠨ ᠴᠢᠨᠠᠷ ᠢ ᠴᠢᠬᠤᠯᠠᠴᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠲᠠᠰᠤᠷᠠᠯᠲᠠ ᠦᠭᠡᠢ ᠵᠣᠷᠢᠭᠵᠢᠭᠤᠯᠤᠨ ᠲᠠᠶᠢᠴᠢᠯᠠᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ ᠳᠤ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠬᠡᠷᠡᠭᠲᠡᠢ ᠬᠡᠵᠡᠢ᠃      ᠡᠭᠦᠨ ᠠᠴᠠ ᠭᠠᠳᠠᠨ᠎ᠠ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠰᠥᠩ ᠶᠤᠸᠠᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠯᠢᠦ ᠵᠢᠶᠠᠩ ᠳ᠋ᠦᠩ ᠲᠣᠰ ᠲᠣᠰ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠤᠶᠠᠷ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃
 
ᠢᠷᠡᠯᠲᠡ᠄ ᠦᠬᠠᠢ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号