ᠬᠠᠶᠢᠷᠤᠪ ᠤᠨ ᠲᠤᠬᠤᠢ ᠲᠣᠭᠤᠷᠢᠭ ᠴᠢᠨᠠᠷ ᠰᠠᠶᠢᠲᠠᠢ ᠺᠠᠳ᠋ᠷ ᠲᠤ ᠬᠢᠨᠠᠯᠲᠠ ᠲᠠᠯᠪᠢᠬᠤ ᠪᠠᠷ ᠳᠠᠮᠵᠢᠨ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2021/8/10
     ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠺᠠᠳ᠋ᠷ ᠎ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠺᠠᠳ᠋ᠷ ᠲᠤ ᠬᠢᠨᠠᠯᠲᠠ ᠲᠠᠯᠪᠢᠬᠤ ᠪᠠᠷ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠺᠠᠳ᠋ᠷ ᠢ ᠬᠢᠨᠠᠨ ᠬᠠᠮᠢᠶᠠᠷᠬᠤ 《 ᠬᠡᠮᠵᠢᠭᠦᠷ 》᠎ ᠢ ᠰᠠᠶᠢᠲᠤᠷ ᠬᠡᠷᠡᠭᠯᠡᠵᠦ᠂ ᠬᠢᠨᠠᠯᠲᠠ ᠲᠠᠯᠪᠢᠬᠤ ᠠᠷᠭ᠎ᠠ ᠪᠠᠷᠢᠯ ᠤᠨ ᠬᠡᠷᠡᠭᠯᠡᠯᠲᠡ ᠶᠢ ᠤᠯᠠᠮ ᠴᠢᠨᠠᠭᠰᠢᠳᠠ ᠴᠢᠩᠭᠠᠳᠬᠠᠵᠤ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠦᠨᠡᠨ ᠬᠦ ᠵᠣᠬᠢᠴᠠᠬᠤ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃      ᠭᠤᠤᠯᠳᠠᠯᠭ᠎ᠠ ᠲᠠᠢ ᠬᠢᠨᠠᠯᠲᠠ ᠨᠢ ᠴᠢᠨᠠᠷ ᠴᠢᠨᠰᠠᠭ᠎ᠠ ᠲᠠᠢ᠃ ᠨᠠᠮ ᠤᠨ ᠴᠢᠳᠠᠪᠤᠷᠢ ᠶᠢᠨ ᠪᠠᠶᠢᠭᠤᠯᠤᠯᠲᠠ ᠪᠠ ᠤᠳᠤᠷᠢᠳᠬᠤ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠺᠠᠳ᠋ᠷ ᠢ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠠᠴᠠ ᠡᠭᠦᠰᠦᠨ᠂《 ᠨᠢᠭᠡᠳᠦᠭᠡᠷ ᠬᠠᠷᠢᠭᠤᠴᠠᠯᠭᠠᠲᠠᠨ 》ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠢᠶᠠᠷ ᠭᠤᠣᠯᠳᠠᠯᠭ᠎ᠠ ᠪᠣᠯᠭᠠᠵᠤ᠂ ᠢᠯᠠᠩᠭᠤᠶ᠎ᠠ 《 ᠬᠥᠮᠦᠨ᠂ ᠵᠣᠭᠤᠰ ᠮᠥᠩᠭᠦ᠂ ᠡᠳ᠋ ᠪᠣᠳᠠᠰ 》᠎ ᠢ ᠬᠠᠮᠢᠶᠠᠷᠴᠤ ᠪᠠᠶᠢᠭ᠎ᠠ ᠺᠠᠳ᠋ᠷ᠂ ᠵᠠᠯᠠᠭᠤ ᠺᠠᠳ᠋ᠷᠴᠤᠳ ᠲᠤ ᠬᠢᠨᠠᠯᠲᠠ ᠲᠠᠯᠪᠢᠨ᠎ᠠ᠃ ᠡᠷᠲᠡ ᠠᠴᠠ ᠠᠳᠬᠤᠬᠤ᠂ ᠪᠠᠭ᠎ᠠ ᠠᠴᠠ ᠠᠳᠬᠤᠬᠤ᠂ ᠴᠤᠬᠤᠶᠢᠯᠲᠠ ᠶᠢ ᠠᠳᠬᠤᠬᠤ ᠶᠢ ᠪᠠᠷᠢᠮᠲᠠᠯᠠᠵᠤ᠂ ᠺᠠᠳ᠋ᠷ ᠢ ᠴᠢᠩᠭ᠎ᠠ ᠱᠠᠭᠠᠷᠳᠠᠵᠤ᠂ ᠴᠢᠩᠭ᠎ᠠ ᠬᠥᠮᠦᠵᠢᠭᠦᠯᠵᠦ᠂ ᠴᠢᠩᠭ᠎ᠠ ᠬᠠᠮᠢᠶᠠᠷᠴᠤ᠂ ᠴᠢᠩᠭ᠎ᠠ ᠬᠢᠨᠠᠵᠤ᠂ ᠺᠠᠳ᠋ᠷ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ᠃      ᠵᠣᠬᠢᠴᠠᠭᠤᠯᠭ᠎ᠠ ᠬᠠᠮᠵᠢᠯᠴᠠᠭ᠎ᠠ ᠬᠦᠴᠦᠨ ᠲᠠᠢ᠃《 ᠨᠢᠭᠡ ᠬᠥᠯᠭᠡ ᠰᠢᠲᠠᠷ᠎ᠠ 》᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ᠂ ᠺᠠᠳ᠋ᠷ ᠢ ᠰᠢᠨᠵᠢᠯᠡᠨ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠵᠤ ᠢᠯᠡ ᠪᠠᠷ ᠪᠠᠶᠢᠴᠠᠭᠠᠬᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠵᠠᠬᠢᠳᠠᠯ ᠰᠤᠷᠪᠤᠯᠵᠢᠯᠠᠯ ᠢ ᠬᠠᠷᠭᠤᠭᠤᠯᠤᠨ ᠪᠠᠶᠢᠴᠠᠭᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ ᠲᠠᠯᠪᠢᠬᠤ ᠲᠣᠤᠷ ᠢ ᠨᠢᠭᠲᠠ ᠰᠦᠯᠵᠢᠵᠦ᠂ ᠶᠡᠭᠡ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠡᠬᠢ ᠪᠠᠶᠠᠯᠢᠭ ᠢ ᠬᠠᠮᠲᠤ ᠳᠠᠭᠠᠨ ᠡᠳᠯᠡᠬᠦ ᠶᠢ ᠪᠡᠶᠡᠯᠡᠭᠦᠯᠦᠨ᠂ ᠠᠵᠢᠯᠯᠠᠬᠤ ᠳᠤ ᠳᠥᠭᠦᠮ᠂ ᠨᠡᠪᠲᠡᠷᠡᠯᠴᠡᠬᠦ ᠳᠤ ᠳᠥᠭᠦᠮ ᠺᠠᠳ᠋ᠷ ᠤᠨ ᠬᠢᠨᠠᠯᠲᠠ ᠲᠠᠯᠪᠢᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠢᠨᠠᠯᠲᠠ ᠲᠠᠯᠪᠢᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃      ᠬᠢᠨᠠᠯᠲᠠ ᠶᠢᠨ ᠪᠦᠷᠬᠦᠴᠡ ᠥᠷᠭᠡᠨ᠃ ᠺᠠᠳ᠋ᠷ ᠤᠨ ᠦᠵᠡᠯ ᠰᠠᠨᠠᠭ᠎ᠠ ᠣᠪᠣᠷ ᠰᠤᠷᠲᠠᠯ᠂ ᠠᠵᠢᠯ ᠤᠨ ᠰᠤᠷᠲᠠᠯ᠂ ᠠᠮᠢᠳᠤᠷᠠᠯ ᠤᠨ ᠰᠤᠷᠲᠠᠯ ᠤᠨ ᠭᠠᠳᠠᠷ ᠪᠠᠶᠢᠳᠠᠯ ᠠᠴᠠ ᠭᠠᠳᠠᠨᠠᠬᠢ ᠪᠠᠶᠢᠳᠠᠯ ᠳᠤ ᠲᠠᠯᠪᠢᠬᠤ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠺᠠᠳ᠋ᠷ ᠤᠨ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ ᠵᠢᠴᠢ ᠨᠠᠢᠮᠠᠨ ᠴᠠᠭ ᠠᠴᠠ ᠭᠠᠳᠠᠨᠠᠬᠢ ᠪᠠᠶᠢᠳᠠᠯ ᠳᠤ ᠬᠦᠷᠲᠡᠯ᠎ᠡ ᠥᠷᠭᠡᠳᠬᠡᠵᠦ᠂ 《 12380 》ᠢᠯᠡᠴᠢᠯᠡᠨ ᠮᠡᠳᠡᠭᠦᠯᠬᠦ ᠲᠠᠪᠴᠠᠩ ᠤᠨ ᠠᠵᠢᠯᠯᠠᠭᠠᠨ ᠢ ᠨᠡᠩ ᠤᠷᠤᠭᠰᠢᠲᠠᠢ ᠪᠥᠭᠡᠳ ᠳᠥᠭᠦᠮ ᠳᠥᠲᠡ ᠪᠠᠶᠢᠯᠭᠠᠬᠤ ᠶᠢ ᠪᠠᠲᠤᠯᠠᠵᠤ᠂ ᠺᠠᠳ᠋ᠷ ᠤᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠤ ᠲᠦᠬᠦᠮ ᠦᠵᠡᠭᠦᠯᠵᠦ᠂ ᠪᠦᠲᠦᠮᠵᠢᠲᠡᠢ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠺᠠᠳ᠋ᠷ ᠤᠨ ᠬᠢᠨᠠᠯᠲᠠ ᠲᠠᠯᠪᠢᠬᠤ ᠠᠵᠢᠯᠯᠠᠭᠠᠨ ᠤ ᠵᠢᠷᠤᠮ ᠢ ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ ᠠᠴᠠ ᠬᠡᠷᠡᠭ ᠤᠨ ᠡᠮᠦᠨ᠎ᠡ᠂ ᠬᠡᠷᠡᠭ ᠤᠨ ᠳᠤᠮᠳᠠ ᠬᠢᠨᠠᠯᠲᠠ ᠲᠠᠯᠪᠢᠬᠤ ᠲᠡᠶᠢᠰᠢ ᠦᠨᠡᠨ ᠬᠦ ᠬᠤᠪᠢᠷᠠᠭᠤᠯᠤᠨ᠎ᠠ᠃      ᠮᠡᠳᠡᠭᠡ ᠵᠠᠩᠭᠢ ᠶᠢᠨ ᠨᠡᠪᠲᠡᠷᠡᠯᠴᠡᠭᠡ ᠭᠦᠨᠴᠡ ᠲᠠᠢ᠃ ᠺᠠᠳ᠋ᠷ ᠤᠨ ᠬᠤᠯᠪᠣᠭᠳᠠᠯ ᠪᠦᠬᠦᠢ ᠠᠰᠠᠭᠤᠳᠠᠯ ᠤᠨ ᠮᠡᠳᠡᠭᠡ ᠵᠠᠩᠭᠢ ᠶᠢ ᠡᠵᠡᠮᠰᠢᠬᠦ ᠲᠠᠯ᠎ᠠ ᠪᠠᠷ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠳᠠᠪᠠᠭᠤᠯᠢᠭ ᠢ ᠪᠠᠳᠠᠷᠠᠭᠤᠯᠤᠨ᠎ᠠ᠂ ᠬᠥᠨᠳᠡᠯᠡᠨ ᠭᠤᠯᠳᠤ ᠬᠠᠷᠢᠯᠴᠠᠭ᠎ᠠ ᠶᠢ ᠴᠢᠩᠭᠠᠳᠬᠠᠬᠤ᠂ ᠪᠡᠶᠡᠲᠦ ᠬᠢᠨᠠᠯᠲᠠ ᠲᠠᠯᠪᠢᠬᠤ ᠲᠣᠣᠷ ᠰᠦᠯᠵᠢᠶ᠎ᠡ ᠪᠠ ᠰᠢᠰᠲ᠋ᠧᠮ ᠢ ᠪᠦᠷᠢᠯᠳᠦᠭᠦᠯᠦᠨ᠎ᠡ᠂ ᠡᠳᠦᠷ ᠲᠤᠲᠤᠮ ᠤᠨ ᠬᠠᠷᠢᠯᠴᠠᠭᠠᠨ ᠤ ᠰᠠᠭᠤᠷᠢᠨ ᠳᠡᠭᠡᠷ᠎ᠡ᠂ ᠨᠡᠪᠲᠡᠷᠡᠯᠴᠡᠵᠦ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠬᠠᠷᠢᠯᠴᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠶ᠂ ᠺᠠᠳ᠋ᠷ ᠢ ᠰᠢᠯᠭᠠᠨ ᠪᠠᠶᠢᠴᠠᠭᠠᠬᠤ ᠪᠠ ᠪᠠᠶᠢᠴᠠᠭᠠᠨ ᠰᠢᠢᠳᠪᠦᠷᠢᠯᠡᠬᠦ ᠠᠵᠢᠯ ᠤᠨ ᠬᠠᠷᠢᠯᠴᠠᠨ ᠬᠠᠮᠵᠢᠯᠴᠠᠬᠤ ᠶᠢ ᠴᠢᠩᠭᠠᠳᠬᠠᠨ᠎ᠠ᠂ ᠰᠤᠳᠤᠯᠤᠨ ᠬᠢᠨᠠᠬᠤ ᠠᠷᠭ᠎ᠠ ᠪᠣᠳᠣᠯᠭ᠎ᠠ ᠶᠢ ᠬᠠᠷᠢᠯᠴᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠶ᠂ ᠴᠠᠭ ᠲᠤᠬᠠᠶ ᠳᠤᠨᠢ ᠴᠤᠭᠯᠠᠭᠤᠯᠬᠤ ᠬᠡᠷᠡᠭᠲᠡᠶ᠂ ᠵᠠᠷᠯᠠᠬᠤ᠂ ᠬᠤᠯᠪᠣᠭᠳᠠᠯ ᠪᠦᠬᠦᠢ ᠺᠠᠳ᠋ᠷ ᠤᠨ ᠮᠡᠳᠡᠭᠡ ᠵᠠᠩᠭᠢ ᠪᠠ ᠪᠠᠶᠢᠳᠠᠯ ᠢ ᠰᠣᠯᠢᠯᠴᠠᠨ᠎ᠠ᠂ ᠨᠠᠩ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠂ ᠺᠠᠳ᠋ᠷ ᠤᠨ ᠢᠯᠡᠷᠡᠯ ᠢ ᠪᠦᠬᠦ ᠲᠠᠯ᠎ᠠ ᠎ ᠪᠠᠷ ᠣᠶᠢᠯᠠᠭᠠᠵᠤ ᠡᠵᠡᠮᠰᠢᠬᠦ ᠬᠡᠷᠡᠭᠲᠡᠶ᠂ ᠺᠠᠳ᠋ᠷ ᠤᠨ ᠡᠩᠨᠡᠭᠡᠨ ᠤ ᠳᠤᠮᠳᠠ ᠢᠯᠡᠷᠡᠭᠰᠡᠨ ᠴᠤᠬᠤᠶᠢᠯᠲᠠ ᠶᠢᠨ ᠴᠢᠨᠠᠷ ᠢ ᠶᠡᠷᠦᠩᠬᠡᠶᠢᠯᠡᠨ ᠵᠠᠳᠠᠯᠤᠨ᠎ᠠ᠂ ᠬᠡᠯᠪᠡᠷᠢᠯ ᠤᠨ ᠴᠢᠨᠠᠷᠲᠠᠶ ᠠᠰᠠᠭᠤᠳᠠᠯ᠂ ᠬᠠᠮᠢᠶ᠎ᠠ ᠪᠦᠬᠦᠢ ᠠᠷᠭ᠎ᠠ ᠪᠣᠳᠣᠯᠭ᠎ᠠ ᠶᠢ ᠰᠤᠳᠤᠯᠬᠤ᠂ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠬᠤ᠂ ᠬᠥᠮᠦᠨ ᠰᠣᠩᠭᠤᠬᠤ ᠣᠨᠣᠪᠴᠢ ᠦᠭᠡᠢ ᠶᠢ ᠪᠦᠲᠦᠮᠵᠢᠲᠡᠶ ᠰᠡᠷᠭᠡᠶᠢᠯᠡᠨ᠎ᠡ᠃      ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠡᠷᠴᠢᠮ ᠴᠢᠩᠭ᠎ᠠ ᠪᠠᠶᠢᠨ᠎ᠠ᠃ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠨ ᠬᠠᠷᠭᠤᠭᠤᠯᠵᠤ ᠰᠢᠢᠳᠪᠦᠷᠢᠯᠡᠬᠦ ᠲᠠᠯ᠎ᠠ ᠪᠠᠷ ᠵᠣᠷᠢᠭᠲᠠᠢ ᠪᠠᠷ ᠪᠠᠶᠢᠯᠳᠤᠵᠤ᠂ ᠵᠣᠷᠢᠭᠲᠠᠢ ᠪᠠᠷ ᠨᠠᠷᠢᠨ ᠬᠢᠨᠠᠮᠠᠭᠠᠢ ᠬᠠᠨᠳᠤᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠵᠣᠷᠢᠭᠲᠠᠢ ᠪᠠᠷ ᠬᠥᠮᠦᠨ ᠲᠠᠢ ᠮᠠᠭᠤᠳᠠᠯᠴᠠᠬᠤ ᠬᠡᠷᠡᠭᠲᠡᠢ᠃ ᠨᠢᠭᠡ ᠳᠤ᠂ ᠪᠠᠶᠢᠴᠠᠭᠠᠨ ᠬᠠᠷᠭᠤᠭᠤᠯᠬᠤ ᠭᠤᠤᠯᠳᠠᠯᠭ᠎ᠠ ᠶᠢ ᠳᠣᠪᠣᠶᠢᠯᠭᠠᠨ᠎ᠠ᠃ ᠰᠣᠩᠭᠤᠭᠤᠯᠢ ᠶᠢᠨ ᠫᠢᠶᠣᠣ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ᠂ ᠨᠣᠶᠠᠨ ᠵᠡᠷᠭᠡ ᠬᠤᠳᠠᠯᠳᠤᠭᠠᠯᠠᠬᠤ᠂ ᠨᠣᠶᠠᠨ ᠵᠡᠷᠭᠡ ᠤᠯᠬᠤ ᠪᠠᠷ ᠬᠥᠭᠡᠭᠡᠴᠡᠯᠳᠦᠬᠦ᠂ ᠲᠣᠭᠲᠠᠭᠠᠯ ᠢ ᠵᠥᠷᠢᠴᠡᠨ ᠬᠥᠮᠦᠨ ᠬᠡᠷᠡᠭᠯᠡᠬᠦ᠂ ᠬᠤᠭᠤᠴᠠᠭ᠎ᠠ ᠰᠣᠯᠢᠬᠤ ᠶᠢ ᠬᠠᠷᠰᠢᠯᠠᠬᠤ ᠵᠡᠷᠭᠡ 5 ᠲᠦᠷᠦᠯ ᠤᠨ ᠠᠰᠠᠭᠤᠳᠠᠯ ᠳᠤ ᠬᠤᠯᠪᠣᠭᠳᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠤᠳᠤᠷᠢᠳᠤᠯᠭ᠎ᠠ ᠳᠤ ᠦᠳᠲᠡᠷ ᠲᠦᠷᠭᠡᠨ ᠮᠡᠳᠡᠭᠦᠯᠦᠨ ᠵᠥᠪᠰᠢᠶᠡᠷᠡᠭᠦᠯᠵᠦ᠂ ᠪᠠᠴᠢᠮ ᠪᠠᠶᠢᠳᠠᠯ ᠪᠠ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠲᠤᠰᠬᠠᠭᠰᠠᠨ ᠠᠭᠤᠯᠭ᠎ᠠ ᠎ ᠨᠢ ᠪᠣᠳᠠᠲᠠᠶ ᠪᠤᠰᠤ᠂ ᠰᠦᠪᠡᠭᠴᠢ ᠨᠢ ᠲᠣᠳᠣᠷᠬᠠᠶ ᠪᠤᠰᠤ ᠪᠠᠶᠢᠪᠠᠯ᠂ ᠶᠠᠷᠢᠯᠴᠠᠵᠤ ᠰᠠᠨᠠᠭᠤᠯᠬᠤ᠂ ᠵᠠᠬᠢᠳᠠᠯ ᠢᠶᠠᠷ ᠠᠰᠠᠭᠤᠬᠤ ᠵᠡᠷᠭᠡ ᠤᠷᠢᠳᠴᠢᠯᠠᠨ ᠰᠡᠷᠡᠮᠵᠢᠯᠡᠭᠦᠯᠦᠨ ᠰᠢᠶᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ᠃ᠲᠤᠰᠬᠠᠭᠰᠠᠨ ᠠᠭᠤᠯᠭ᠎ᠠ ᠨᠢ ᠪᠣᠳᠠᠲᠠᠶ᠂ ᠰᠦᠪᠡᠭᠴᠢ ᠨᠢ ᠲᠣᠳᠣᠷᠬᠠᠶ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠲᠠᠢ ᠬᠠᠮᠲᠤᠷᠠᠨ ᠬᠦᠴᠦᠨ ᠢᠶᠠᠨ ᠵᠣᠬᠢᠶᠠᠨ ᠪᠠᠶᠢᠭᠤᠯᠵᠤ ᠭᠤᠣᠯᠳᠠᠯᠭ᠎ᠠ ᠲᠠᠢ ᠪᠠᠶᠢᠴᠠᠭᠠᠨ ᠰᠢᠶᠳᠪᠦᠷᠢᠯᠡᠨ᠎ᠡ᠃ ᠬᠢᠨᠠᠨ ᠪᠠᠶᠢᠴᠠᠭᠠᠭᠳᠠᠬᠤ ᠡᠲᠡᠭᠡᠳ ᠤᠨ ᠠᠰᠠᠭᠤᠳᠠᠯ ᠢ ᠲᠤᠰᠬᠠᠭᠰᠠᠨ ᠪᠠᠶᠢᠪᠠᠯ᠂ ᠡᠷᠬᠡᠪᠰᠢ ᠬᠢᠨᠠᠨ ᠪᠠᠶᠢᠴᠠᠭᠠᠯᠲᠠ ᠳᠠᠭᠤᠰᠬᠤ ᠎ ᠠᠴᠠ ᠡᠮᠦᠨ᠎ᠡ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠭᠤᠴᠠᠭᠠᠨ ᠳᠤ ᠲᠡᠷᠡ ᠳᠣᠣᠷ᠎ᠠ ᠨᠢ ᠣᠯᠵᠤ ᠮᠡᠳᠡᠭᠰᠡᠨ ᠠᠰᠠᠭᠤᠳᠠᠯ ᠢ ᠲᠡᠷᠡ ᠳᠠᠷᠤᠢ ᠳᠤᠨᠢ ᠬᠤᠷᠢᠭᠯᠠᠨ ᠵᠣᠭᠰᠣᠭᠠᠵᠤ᠂ ᠡᠷᠡᠰ ᠵᠠᠯᠠᠷᠠᠭᠤᠯᠬᠤ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠪᠠᠶᠢᠴᠠᠭᠠᠨ ᠳᠣᠲᠣᠯᠠᠭᠰᠠᠨ ᠲᠣᠭᠲᠠᠭᠠᠯ ᠰᠠᠬᠢᠯᠭ᠎ᠠ ᠠᠴᠠ ᠵᠥᠷᠢᠴᠡᠨ ᠬᠥᠮᠦᠨ ᠬᠡᠷᠡᠭᠯᠡᠬᠦ ᠦᠶᠯᠡ ᠠᠵᠢᠯᠯᠠᠭ᠎ᠠ ᠶᠢ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠤᠨ ᠲᠣᠭᠲᠠᠭᠠᠯ ᠶᠣᠰᠣᠭᠠᠷ ᠡᠷᠡᠰ ᠰᠢᠶᠳᠪᠦᠷᠢᠯᠡᠬᠦ ᠬᠡᠷᠡᠭᠲᠡᠶ᠃ ᠬᠡᠷᠡᠭ ᠢ ᠳᠠᠷᠤᠭᠠᠳ ᠪᠠᠶᠢᠴᠠᠭᠠᠬᠤ ᠦᠭᠡᠶ ᠵᠢᠴᠢ ᠪᠠᠶᠢᠴᠠᠭᠠᠨ ᠰᠢᠶᠳᠪᠦᠷᠢᠯᠡᠬᠦ ᠶᠠᠪᠤᠴᠠ ᠳᠤ ᠶᠣᠰᠣᠨ ᠲᠡᠳᠦᠶ ᠥᠩᠭᠡᠷᠡᠭᠡᠵᠦ᠂ ᠰᠢᠶᠳᠪᠦᠷᠢᠯᠡᠬᠦ ᠲᠠᠯ᠎ᠠ ᠪᠠᠷ ᠶᠡᠭᠡ ᠶᠠᠪᠤᠳᠠᠯ ᠢ ᠪᠠᠭ᠎ᠠ ᠪᠣᠯᠭᠠᠭᠰᠠᠨ ᠪᠣᠯ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号