ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ《 ᠨᠠᠮ ᠤᠨ ᠲᠡᠦᠬᠡ ᠶᠢ ᠰᠤᠷᠤᠯᠴᠠᠵᠤ ᠪᠣᠳᠠᠲᠤ ᠶᠠᠪᠤᠳᠠᠯ ᠬᠢᠬᠦ 》ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/11
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ ᠤ ᠳᠡᠷᠭᠡᠳᠡᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠢᠶᠳᠪᠦᠷᠢᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠠᠶᠢᠷ᠎ᠠ ᠬᠠᠯᠠᠮᠵᠢ ᠬᠦᠷᠭᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠬᠤᠯᠪᠣᠭᠠᠲᠤ ᠲᠣᠭᠤᠷᠢᠭ ᠎ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠦᠬᠠᠶ ᠬᠤᠲᠠ ᠶᠢᠨ ᠴᠢᠵᠢᠶ᠋ᠧ ᠬᠤᠲᠠ ᠶᠢᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠰᠣᠶᠣᠯ ᠪᠡᠶ᠎ᠡ ᠶᠢᠨ ᠲᠠᠮᠢᠷ ᠤᠨ ᠲᠥᠪ ᠤᠨ ᠬᠠᠶᠢᠷ᠎ᠠ ᠬᠠᠯᠠᠮᠵᠢ ᠬᠦᠷᠭᠡᠬᠦ ᠥᠷᠲᠡᠭᠡ ᠳᠤ ᠬᠠᠮᠲᠤ ᠪᠠᠷ 《 ᠨᠠᠮ ᠤᠨ ᠲᠡᠦᠬᠡ ᠶᠢ ᠰᠤᠷᠤᠯᠴᠠᠵᠤ ᠪᠣᠳᠠᠲᠤ ᠶᠠᠪᠤᠳᠠᠯ ᠬᠢᠬᠦ 》ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠡᠷᠭᠢᠯᠡᠪᠡ᠃      ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 《 ᠭᠤᠷᠪᠠ ᠶᠢ ᠠᠰᠠᠭᠤᠬᠤ 》ᠠᠵᠢᠯᠯᠠᠭ᠎ᠠ ᠥᠷᠨᠢᠭᠦᠯᠬᠦ ᠶᠠᠪᠤᠴᠠ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠤᠰᠤ ᠤᠤᠭᠤᠬᠤ ᠳᠤ ᠬᠦᠴᠢᠷ᠂ ᠲᠦᠷᠭᠡᠨ ᠠᠪᠤᠷᠠᠯᠳᠠ ᠶᠢᠨ ᠬᠠᠶᠢᠷᠴᠠᠭ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠣᠶᠢᠯᠠᠭᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠲᠤᠬᠠᠢ ᠶᠢᠨ ᠭᠠᠵᠠᠷ ᠢᠶᠠᠷ ᠬᠦᠷᠴᠦ ᠰᠤᠷᠪᠤᠯᠵᠢᠯᠠᠬᠤ᠂ ᠵᠠᠬ᠎ᠠ ᠳᠡᠯᠭᠡᠭᠦᠷ ᠢᠶᠠᠷ ᠪᠠᠶᠢᠴᠠᠭᠠᠯᠲᠠ ᠬᠢᠬᠦ᠂ ᠬᠠᠮᠲᠤ ᠪᠠᠷ ᠶᠠᠷᠢᠯᠴᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ 30000 ᠲᠥᠭᠦᠷᠢᠭ ᠪᠡᠯᠡ ᠮᠥᠩᠭᠦ ᠥᠭᠬᠦ ᠪᠠᠷ ᠲᠠᠮᠵᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠵᠢᠯ ᠲᠥᠪᠯᠡᠷᠡᠭᠰᠡᠨ ᠲᠣᠭᠤᠷᠢᠭ᠂ ᠨᠡᠭᠦᠳᠡᠯ ᠤᠨ ᠬᠡᠮᠵᠢᠶ᠎ᠡ ᠶᠡᠭᠡ ᠭᠤᠣᠯ ᠵᠠᠮ ᠪᠣᠯᠤᠨ ᠭᠤᠣᠯ ᠭᠠᠵᠠᠷ ᠲᠤ ᠤᠰᠤ ᠦᠢᠯᠡᠳᠬᠦ ᠮᠠᠰᠢᠨ ᠤᠭᠰᠠᠷᠠᠵᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠤᠰᠤ ᠤᠤᠭᠤᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠠᠢ ᠬᠠᠷᠢᠯᠴᠠᠵᠤ᠂ ᠤᠯᠠᠨ ᠳᠤ ᠡᠮᠴᠢᠯᠡᠭᠡᠨ ᠳᠤ ᠬᠡᠷᠡᠭᠯᠡᠬᠦ ᠲᠦᠷᠭᠡᠨ ᠠᠪᠤᠷᠠᠯᠳᠠ ᠶᠢᠨ ᠪᠣᠭᠴᠣ ᠪᠣᠯᠤᠨ ᠡᠮᠴᠢᠯᠡᠭᠡᠨ ᠳᠤ ᠬᠡᠷᠡᠭᠯᠡᠬᠦ ᠠᠮᠠᠪᠴᠢ ᠬᠦᠷᠭᠡᠪᠡ᠃       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠷᠴᠢᠨ ᠠᠬᠤᠶ ᠶᠢᠨ ᠠᠷᠢᠭᠤᠨ ᠴᠡᠪᠡᠷ ᠤᠨ ᠠᠵᠢᠯᠴᠢᠨ ᠤ ᠤᠤᠭᠤᠬᠤ ᠤᠰᠤ ᠳᠤᠲᠠᠭᠳᠠᠬᠤ᠂ ᠲᠦᠷᠭᠡᠨ ᠠᠪᠤᠷᠠᠯᠳᠠ ᠶᠢᠨ ᠬᠠᠶᠢᠷᠴᠠᠭ ᠳᠤᠲᠠᠭᠳᠠᠬᠤ ᠠᠰᠠᠭᠤᠳᠠᠯ ᠎ ᠢ ᠰᠢᠶᠳᠪᠦᠷᠢᠯᠡᠵᠦ᠂ ᠠᠵᠢᠯᠴᠢᠨ ᠤ ᠡᠪᠯᠡᠯ ᠤᠨ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠠᠩ ᠣᠯᠠᠨ ᠣᠷᠴᠢᠨ ᠠᠬᠤᠶ ᠎ ᠶᠢᠨ ᠠᠷᠢᠭᠤᠨ ᠴᠡᠪᠡᠷ ᠤᠨ ᠠᠵᠢᠯᠴᠢᠨ ᠳᠤ ᠠᠵᠢᠯᠴᠢᠨ ᠤ ᠡᠪᠯᠡᠯ ᠤᠨ 《 ᠲᠥᠷᠬᠦᠮ ᠤᠨ ᠬᠥᠮᠦᠨ 》᠎ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号