ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/11
      2021 ᠣᠨ ᠤ 8 ᠰᠠᠷ᠎ᠠ ᠶᠢᠨ 5᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠭᠦᠸᠧ ᠬᠤᠩ ᠶᠠᠨ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠬᠤᠷᠠᠯ ᠵᠢᠴᠢ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠨᠡᠶᠢᠭᠡᠮ ᠲᠣᠭᠤᠷᠢᠭ ᠤᠨ ᠱᠦᠵᠢ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠷᠢᠭᠤᠴᠠᠵᠤ ᠪᠠᠶᠢᠭ᠎ᠠ ᠬᠥᠮᠦᠰ ᠣᠷᠣᠯᠴᠠᠪᠠ᠃
      ᠬᠤᠷᠠᠯ ᠳᠡᠭᠡᠷ᠎ᠡ᠂ ᠭᠦᠸᠧ ᠬᠤᠩ ᠶᠠᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠎ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠬᠠᠮᠢᠶ᠎ᠠ ᠪᠥᠬᠦᠶ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠬᠤ ᠶᠢ ᠭᠤᠤᠯᠳᠠᠯᠭ᠎ᠠ ᠲᠠᠢ ᠴᠢᠬᠤᠯᠠᠴᠢᠯᠠᠵᠤ᠂ ᠡᠯ᠎ᠡ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠥᠬᠡᠶ ᠠᠳᠬᠤᠵᠤ᠂ ᠠᠯᠳᠠᠭ᠎ᠠ ᠪᠤᠷᠤᠭᠤ ᠪᠠᠨ ᠵᠢᠭᠰᠠᠭᠠᠨ ᠪᠠᠶᠢᠴᠠᠭᠠᠵᠤ᠂ ᠠᠵᠢᠯ ᠤᠨ ᠳᠤᠲᠠᠭᠤᠳᠠᠯ ᠢᠶᠠᠨ ᠡᠷᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠨᠠᠷᠢᠯᠢᠭ ᠬᠢᠬᠦ ᠬᠡᠷᠡᠭᠲᠡᠶ ᠭᠡᠵᠦ ᠱᠠᠭᠠᠷᠳᠠᠪᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠢᠯᠠᠩᠭᠤᠶ᠎ᠠ ᠳᠤᠮᠳᠠ ᠥᠨᠳᠥᠷ ᠲᠦᠭᠰᠢᠭᠦᠷᠢᠲᠦ ᠣᠷᠣᠨ ᠤ ᠢᠷᠡᠵᠦ ᠪᠤᠴᠠᠬᠤ ᠬᠥᠮᠦᠰ ᠢ ᠮᠥᠷᠳᠡᠨ ᠬᠠᠮᠢᠶᠠᠷᠤᠨ ᠡᠵᠡᠮᠳᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠡᠷᠦᠬᠡ ᠶᠢ ᠵᠢᠭᠰᠠᠭᠠᠨ ᠪᠠᠶᠢᠴᠠᠭᠠᠬᠤ᠂ ᠬᠢᠨᠠᠨ ᠬᠠᠮᠢᠶᠠᠷᠬᠤ ᠶᠢ ᠴᠢᠬᠤᠯᠠᠴᠢᠯᠠᠵᠤ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠬᠡᠮ ᠰᠣᠭᠤᠭ ᠢ ᠠᠷᠢᠯᠭᠠᠬᠤ ᠬᠡᠷᠡᠭᠲᠡᠶ᠃ ᠡᠭᠦᠨ ᠤ ᠬᠠᠮᠲᠤ ᠴᠠᠭ ᠲᠤᠬᠠᠶ ᠳᠤᠨᠢ ᠬᠠᠷᠭᠤᠭᠤᠯᠤᠨ ᠪᠠᠶᠢᠴᠠᠭᠠᠵᠤ ᠨᠢᠭᠲᠠ ᠵᠠᠯᠭᠠᠬᠤ᠂ ᠳᠡᠳ᠋ ᠤᠳᠠᠭ᠎ᠠ ᠨᠢᠭᠲᠠ ᠵᠠᠯᠭᠠᠬᠤ ᠬᠥᠮᠦᠰ ᠤᠨ ᠮᠡᠳᠡᠭᠡ ᠵᠠᠩᠭᠢ ᠶᠢ ᠬᠠᠮᠵᠢᠯᠴᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠴᠠᠭ ᠲᠤᠬᠠᠶ ᠳᠤᠨᠢ ᠵᠣᠬᠢᠴᠠᠭᠤᠯᠬᠤ ᠶᠢ ᠱᠠᠭᠠᠷᠳᠠᠪᠠ᠃ ᠲᠤᠰᠠᠭᠠᠷᠯᠠᠬᠤ ᠴᠢᠬᠤᠯᠠᠲᠠᠶ ᠰᠠᠭᠤᠭᠠᠯᠢ ᠠᠷᠠᠳ ᠲᠤ ᠰᠡᠳᠬᠢᠴᠡ ᠎ ᠶᠢᠨ ᠵᠢᠯᠣᠭᠤᠳᠣᠯᠭ᠎ᠠ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠵᠠᠪᠠᠯ ᠰᠠᠶᠢᠲᠤᠷ ᠬᠢᠵᠦ᠂ ᠵᠥᠷᠢᠴᠡᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃       ᠬᠠᠷᠢᠶ᠎ᠠ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠨᠡᠭᠦᠳᠡᠯ ᠲᠠᠷᠢᠯᠭ᠎ᠠ ᠶᠢᠨ ᠴᠡᠭ ᠤᠨ ᠠᠵᠢᠯ ᠢ ᠴᠢᠨᠠᠭᠰᠢᠳᠠ ᠲᠣᠬᠢᠷᠠᠭᠤᠯᠵᠤ᠂ ᠡᠯ᠎ᠡ ᠨᠡᠶᠢᠭᠡᠮ ᠲᠣᠭᠤᠷᠢᠭ ᠳᠣᠷᠣᠭᠰᠢ ᠲᠣᠮᠢᠯᠠᠨ ᠲᠠᠷᠢᠯᠭ᠎ᠠ ᠬᠢᠬᠦ ᠡᠮᠨᠡᠯᠭᠡ ᠎ ᠶᠢᠨ ᠬᠤᠷᠢᠶ᠎ᠠ ᠳᠤ ᠢᠳᠡᠪᠬᠢᠲᠡᠶ ᠬᠠᠮᠵᠢᠯᠴᠠᠵᠤ᠂ ᠱᠠᠭᠠᠷᠳᠠᠯᠭ᠎ᠠ ᠶᠣᠰᠣᠭᠠᠷ ᠲᠠᠯᠠᠪᠤᠷ ᠭᠠᠵᠠᠷ ᠢ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠵᠤ᠂ ᠠᠵᠢᠯᠲᠠᠨ᠂ ᠰᠠᠶᠢᠨ ᠳᠤᠷᠠᠴᠤᠤᠯ ᠤᠨ ᠲᠠᠷᠢᠯᠭ᠎ᠠ ᠬᠢᠬᠦ ᠴᠡᠭ ᠤᠨ ᠡᠮᠬᠢ ᠳᠢᠭᠯᠢᠮ ᠢ ᠪᠠᠲᠤᠯᠠᠵᠤ᠂ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠥᠬᠡᠶ ᠨᠠᠰᠤᠲᠠᠶᠢᠴᠤᠳ ᠢ ᠬᠠᠪᠰᠤᠷᠤᠨ ᠡᠷᠡᠭᠦᠯ ᠮᠡᠨᠳᠦ ᠶᠢᠨ ᠺᠣᠳ᠋ ᠳᠠᠩᠰᠠᠯᠠᠭᠤᠯᠬᠤ ᠶᠢᠨ ᠬᠠᠮᠲᠤ ᠸᠠᠺᠼᠢᠨ ᠳᠠᠷᠢᠭᠰᠠᠨ ᠰᠠᠭᠤᠭᠠᠯᠢ ᠠᠷᠠᠳ ᠲᠤ ᠰᠠᠨᠳᠠᠯᠢ᠂ ᠤᠰᠤ ᠵᠢᠴᠢ ᠴᠠᠭᠠᠰᠤᠨ ᠴᠣᠮᠣ ᠵᠡᠷᠭᠡ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠬᠠᠩᠭᠠᠬᠤ ᠬᠡᠷᠡᠭᠲᠡᠶ᠃ ᠡᠴᠦᠰ ᠲᠤ᠂ ᠨᠡᠶᠢᠭᠡᠮ ᠲᠣᠭᠤᠷᠢᠭ ᠨᠢ ᠲᠣᠰ ᠬᠠᠷᠢᠶ᠎ᠠ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠤ ᠨᠡᠶᠢᠳᠡᠮ ᠪᠠᠶᠢᠴᠠᠭᠠᠯᠲᠠ ᠬᠢᠵᠦ᠂ ᠸᠠᠺᠼᠢᠨ ᠤ ᠲᠠᠷᠢᠯᠭ᠎ᠠ ᠬᠢᠭᠰᠡᠨ ᠡᠬᠡ ᠲᠠᠩᠰᠠ ᠪᠠᠶᠢᠭᠤᠯᠬᠤ ᠶᠢᠨ ᠬᠠᠮᠲᠤ ᠲᠠᠷᠢᠯᠭ᠎ᠠ ᠬᠢᠭᠰᠡᠨ ᠥᠬᠡᠶ ᠰᠢᠯᠲᠠᠭᠠᠨ ᠢ ᠨᠠᠷᠢᠨ ᠲᠡᠮᠳᠡᠭᠯᠡᠵᠦ᠂ ᠨᠢᠭᠡᠨᠲᠡ ᠲᠠᠷᠢᠯᠭ᠎ᠠ ᠬᠢᠭᠰᠡᠨ᠂ ᠲᠠᠷᠢᠯᠭ᠎ᠠ ᠬᠢᠭᠰᠡᠨ ᠥᠬᠡᠶ᠂ ᠭᠥᠯᠢᠶᠡᠨ ᠠᠪᠴᠤ ᠳᠠᠷᠢᠭᠰᠠᠨ ᠬᠥᠮᠦᠰ ᠤᠨ ᠲᠤᠭ᠎ᠠ ᠪᠠᠷᠢᠮᠲᠠ ᠶᠢ ᠲᠣᠳᠣᠷᠬᠠᠶ ᠲᠡᠮᠳᠡᠭᠯᠡᠬᠦ ᠶᠢᠨ ᠬᠠᠮᠲᠤ ᠣᠯᠠᠨ ᠵᠦᠶᠯ ᠤᠨ ᠲᠠᠪᠴᠠᠩ ᠢᠶᠠᠷ ᠳᠠᠮᠵᠢᠭᠤᠯᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠸᠠᠺᠼᠢᠨ ᠤ ᠲᠠᠷᠢᠯᠭ᠎ᠠ ᠬᠢᠭᠰᠡᠨ ᠪᠠᠶᠢᠳᠠᠯ ᠢ ᠮᠡᠳᠡᠬᠦ ᠨᠣᠷᠮ᠎ᠠ ᠪᠠ ᠲᠠᠷᠢᠯᠭ᠎ᠠ ᠬᠢᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号