ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠬᠢᠭᠡᠳ ᠨᠡᠮᠡᠯᠲᠡ ᠭᠠᠶᠢᠯᠢ ᠰᠦᠶᠳᠬᠡᠯ ᠤᠨ ᠮᠡᠳᠡᠭᠦᠯᠬᠦ ᠬᠦᠰᠦᠨᠦᠭᠲᠦ ᠶᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/8/11
     ᠣᠶᠢᠷ᠎ᠠ ᠳᠤ᠂ ᠦᠬᠠᠶ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠳ᠋ ᠪᠠᠷᠠᠭ᠎ᠠ ᠪᠠ ᠬᠥᠳᠡᠯᠮᠦᠷᠢ ᠦᠶᠯᠡᠴᠢᠯᠡᠭᠡᠨ ᠤ ᠰᠠᠯᠠᠭᠠᠨ ᠤ ᠬᠥᠮᠦᠰ ᠬᠠᠶᠢᠷᠤᠪ ᠤᠨ ᠲᠣᠬᠤᠶ ᠲᠣᠭᠤᠷᠢᠭ ᠤᠨ ᠭᠠᠶᠢᠯᠢ ᠶᠢᠨ ᠶᠠᠪᠤᠳᠠᠯ ᠎ ᠤᠨ ᠲᠣᠪᠴᠢᠶ᠎ᠠ ᠳᠤ ᠬᠦᠷᠴᠦ ᠠᠵᠤ ᠠᠬᠤᠶᠢᠯᠠᠯ ᠲᠠᠢ ᠴᠡᠭ ᠲᠣᠭᠲᠠᠭᠠᠨ ᠬᠠᠷᠢᠯᠴᠠᠵᠤ᠂ ᠭᠠᠶᠢᠯᠢ ᠲᠤᠰᠢᠶᠠᠭᠴᠢ ᠶᠢᠨ ᠠᠩᠬᠠᠨ ᠤ ᠡᠳᠦᠷ ᠤᠨ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠬᠢᠭᠡᠳ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠮᠡᠳᠡᠭᠦᠯᠬᠦ ᠬᠦᠰᠦᠨᠦᠭᠲᠦ ᠶᠢ ᠡᠮᠬᠢᠯᠡᠨ ᠨᠡᠶᠢᠯᠡᠭᠦᠯᠵᠦ ᠭᠤᠶᠤᠴᠢᠯᠠᠨ ᠮᠡᠳᠡᠭᠦᠯᠬᠦ ᠠᠵᠢᠯ ᠢ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠪᠠ᠃      ᠭᠠᠶᠢᠯᠢ ᠲᠤᠰᠢᠶᠠᠭᠴᠢ ᠶᠢᠨ ᠥᠪᠡᠰᠦᠪᠡᠨ ᠲᠤᠭ᠎ᠠ ᠪᠠᠷᠢᠮᠲᠠ ᠲᠠᠭᠯᠠᠨ ᠮᠡᠳᠡᠭᠦᠯᠬᠦ ᠶᠢ ᠰᠢᠯᠭᠠᠬᠤ ᠪᠠᠷ ᠳᠠᠮᠵᠢᠭᠤᠯᠤᠨ᠂ ᠭᠤᠶᠤᠴᠢᠯᠠᠨ ᠲᠠᠭᠯᠠᠨ ᠪᠢᠴᠢᠭᠰᠡᠨ ᠲᠤᠭ᠎ᠠ ᠪᠠᠷᠢᠮᠲᠠ ᠨᠢ ᠬᠡᠪ ᠤᠨ ᠪᠠᠶᠢᠬᠤ ᠡᠰᠡᠬᠦ᠂ ᠵᠢᠴᠢ ᠲᠤᠭ᠎ᠠ ᠪᠠᠷᠢᠮᠲᠠ ᠶᠢᠨ ᠯᠣᠭᠢᠭ ᠤᠨ ᠬᠠᠷᠢᠴᠠᠭ᠎ᠠ ᠨᠢ ᠣᠨᠣᠪᠴᠢᠲᠠᠶ ᠪᠠᠶᠢᠬᠤ ᠡᠰᠡᠬᠦ᠂ ᠰᠢᠰᠲ᠋ᠧᠮ ᠨᠢ ᠺᠠᠲ᠋ᠤᠨ ᠭᠤᠶᠤᠴᠢᠯᠠᠨ ᠮᠡᠳᠡᠭᠦᠯᠵᠦ ᠳᠡᠶᠢᠯᠬᠦ ᠡᠰᠡᠬᠦ ᠵᠡᠷᠭᠡ ᠬᠠᠮᠢᠶ᠎ᠠ ᠪᠥᠬᠦᠶ ᠪᠠᠶᠢᠳᠠᠯ ᠢ ᠠᠵᠢᠭᠯᠠᠵᠤ᠂ ᠰᠢᠯᠭᠠᠨ ᠲᠤᠷᠰᠢᠬᠤ ᠠᠭᠤᠯᠭ᠎ᠠ ᠶᠢ ᠤᠷᠤᠭᠰᠢᠲᠠᠶ ᠪᠡᠶᠡᠯᠡᠭᠦᠯᠪᠡ᠃      ᠲᠣᠰ ᠤᠳᠠᠭ᠎ᠠ ᠡᠮᠬᠢᠯᠡᠨ ᠨᠡᠶᠢᠯᠡᠭᠦᠯᠬᠦ ᠭᠡᠳᠡᠭ ᠨᠢ 《 ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠤᠰᠢᠶᠠᠬᠤ ᠮᠡᠳᠡᠭᠦᠯᠦᠯᠲᠡ ᠶᠢᠨ ᠬᠦᠰᠦᠨᠦᠭᠲᠦ ( ᠡᠩ ᠤᠨ ᠭᠠᠶᠢᠯᠢ ᠲᠤᠰᠢᠶᠠᠭᠴᠢ ᠳᠤ ᠳᠣᠭᠢᠷᠠᠬᠤ ) 》᠎ ᠶᠢ ᠵᠢᠭᠠᠵᠤ ᠪᠣᠶ᠂《 ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠤᠰᠢᠶᠠᠬᠤ ᠮᠡᠳᠡᠭᠦᠯᠦᠯᠲᠡ ᠶᠢᠨ ᠬᠦᠰᠦᠨᠦᠭᠲᠦ ( ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠳᠣᠭᠢᠷᠠᠬᠤ ) 》ᠵᠢᠴᠢ ᠳᠠᠭᠠᠯᠳᠤᠭᠤᠯᠤᠯ ᠮᠠᠲ᠋ᠧᠷᠢᠶᠠᠯ᠂ 《 ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠶᠢᠯᠢ ᠶᠢᠨ ᠬᠦᠰᠦᠨᠦᠭᠲᠦ 》᠂ 《 ᠬᠡᠷᠡᠭᠯᠡᠭᠡᠨ ᠤ ᠭᠠᠶᠢᠯᠢ ᠶᠢᠨ ᠭᠠᠶᠢᠯᠢ ᠲᠤᠰᠢᠶᠠᠬᠤ ᠮᠡᠳᠡᠭᠦᠯᠦᠯᠲᠡ ᠶᠢᠨ ᠬᠦᠰᠦᠨᠦᠭᠲᠦ 》᠎ ᠶᠢ ᠲᠣᠰ ᠲᠣᠰ《 ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠤᠨ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠶᠢᠨ ᠮᠡᠳᠡᠭᠦᠯᠦᠯᠲᠡ ᠶᠢᠨ ᠬᠦᠰᠦᠨᠦᠭᠲᠦ 》᠎ ᠲᠠᠢ ᠡᠮᠬᠢᠯᠡᠨ ᠨᠡᠶᠢᠯᠡᠭᠦᠯᠦᠨ᠎ᠡ᠂ 《 ᠥᠷᠲᠡᠭ ᠨᠡᠮᠡᠭᠳᠡᠯ ᠤᠨ ᠭᠠᠶᠢᠯᠢ ᠵᠢᠴᠢ ᠨᠡᠮᠡᠯᠲᠡ ᠭᠠᠶᠢᠯᠢ ᠰᠦᠶᠳᠬᠡᠯ ᠤᠨ ᠮᠡᠳᠡᠭᠦᠯᠬᠦ ᠬᠦᠰᠦᠨᠦᠭᠲᠦ ( ᠡᠩ ᠤᠨ ᠭᠠᠶᠢᠯᠢ ᠲᠤᠰᠢᠶᠠᠭᠴᠢ ᠳᠤ ᠳᠣᠭᠢᠷᠠᠬᠤ ) 》《 ᠥᠷᠲᠡᠭ ᠨᠡᠮᠡᠭᠳᠡᠯ ᠤᠨ ᠭᠠᠶᠢᠯᠢ ᠵᠢᠴᠢ ᠨᠡᠮᠡᠯᠲᠡ ᠭᠠᠶᠢᠯᠢ ᠰᠦᠶᠳᠬᠡᠯ ᠤᠨ ᠮᠡᠳᠡᠭᠦᠯᠬᠦ ᠬᠦᠰᠦᠨᠦᠭᠲᠦ ( ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠳᠣᠭᠢᠷᠠᠬᠤ ) 》《 ᠥᠷᠲᠡᠭ ᠨᠡᠮᠡᠭᠳᠡᠯ ᠤᠨ ᠭᠠᠶᠢᠯᠢ ᠵᠢᠴᠢ ᠨᠡᠮᠡᠯᠲᠡ ᠭᠠᠶᠢᠯᠢ ᠰᠦᠶᠳᠬᠡᠯ ᠤᠨ ᠤᠷᠢᠳᠴᠢᠯᠠᠨ ᠲᠤᠰᠢᠶᠠᠬᠤ ᠬᠦᠰᠦᠨᠦᠭᠲᠦ 》ᠵᠢᠴᠢ ᠳᠠᠭᠠᠯᠳᠤᠭᠤᠯᠤᠯ ᠮᠠᠲ᠋ᠧᠷᠢᠶᠠᠯ ᠪᠣᠯᠤᠨ《 ᠬᠡᠷᠡᠭᠯᠡᠭᠡᠨ ᠤ ᠭᠠᠶᠢᠯᠢ ᠵᠢᠴᠢ ᠨᠡᠮᠡᠯᠲᠡ ᠭᠠᠶᠢᠯᠢ ᠰᠦᠶᠳᠬᠡᠯ ᠤᠨ ᠮᠡᠳᠡᠭᠦᠯᠬᠦ ᠬᠦᠰᠦᠨᠦᠭᠲᠦ 》᠎ ᠶᠢ ᠡᠬᠢᠯᠡᠨ ᠬᠡᠷᠡᠭᠯᠡᠨ᠎ᠡ᠃      ᠪᠣᠳᠠᠲᠠᠶ ᠬᠢᠬᠦ ᠶᠠᠪᠤᠴᠠ ᠨᠢ᠂ ᠭᠠᠶᠢᠯᠢ ᠲᠤᠰᠢᠶᠠᠭᠴᠢ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢᠨ ᠬᠠᠮᠢᠶ᠎ᠠ ᠪᠥᠬᠦᠶ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ᠂ ᠨᠡᠮᠡᠯᠲᠡ ᠭᠠᠶᠢᠯᠢ ᠰᠦᠶᠳᠬᠡᠯ ᠤᠨ ᠳᠠᠭᠠᠯᠳᠤᠭᠤᠯᠤᠯ ᠮᠠᠲ᠋ᠧᠷᠢᠶᠠᠯ ( ᠳᠠᠭᠠᠯᠳᠤᠭᠤᠯᠤᠯ ᠬᠦᠰᠦᠨᠦᠭᠲᠦ )᠎ ᠳᠤ ᠠᠶᠠᠨᠳᠠᠭᠠᠨ ᠣᠷᠣᠵᠤ᠂ ᠨᠡᠮᠡᠯᠲᠡ ᠭᠠᠶᠢᠯᠢ ᠰᠦᠶᠳᠬᠡᠯ ᠤᠨ ᠪᠤᠰᠤᠳ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢ ᠪᠡᠶᠡᠯᠡᠭᠦᠯᠦᠭᠰᠡᠨ ᠤ ᠳᠠᠷᠠᠭ᠎ᠠ᠂ ᠳᠠᠬᠢᠭᠠᠳ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢᠨ ᠭᠤᠶᠤᠴᠢᠯᠠᠨ ᠮᠡᠳᠡᠭᠦᠯᠬᠦ ᠭᠤᠤᠯ ᠬᠦᠰᠦᠨᠦᠭᠲᠦ ᠳᠤ ᠪᠤᠴᠠᠵᠤ᠂ ᠡᠭᠦᠨ ᠤ ᠤᠯᠠᠮ ᠠᠴᠠ ᠭᠠᠶᠢᠯᠢ ᠲᠤᠰᠢᠶᠠᠭᠴᠢ ᠶᠢᠨ ᠲᠣᠰ ᠬᠤᠭᠤᠴᠠᠭᠠᠨ ᠳᠤ ᠲᠤᠰᠢᠶᠠᠬᠤ ᠶᠣᠰᠣᠲᠠᠶ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠪᠠ ᠨᠡᠮᠡᠯᠲᠡ ᠭᠠᠶᠢᠯᠢ ᠰᠦᠶᠳᠬᠡᠯ ᠤᠨ ᠲᠤᠭ᠎ᠠ ᠪᠠᠷᠢᠮᠲᠠ ᠶᠢ ᠪᠣᠶ ᠪᠣᠯᠭᠠᠨ᠎ᠠ᠃ ᠳᠡᠭᠡᠷᠡᠬᠢ ᠬᠦᠰᠦᠨᠦᠭᠲᠦ ᠳᠠᠬᠢ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠶᠢ ᠴᠥᠮ ᠰᠢᠰᠲ᠋ᠧᠮ ᠠᠴᠠ ᠠᠶᠠᠨᠳᠠᠭᠠᠨ ᠪᠡᠶᠡᠯᠡᠭᠦᠯᠦᠨ᠎ᠡ᠃      ᠮᠡᠳᠡᠭᠦᠯᠬᠦ ᠬᠦᠰᠦᠨᠦᠭᠲᠦ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ᠂ ᠨᠢᠭᠡ ᠲᠠᠯ᠎ᠠ ᠪᠠᠷ᠂ ᠭᠠᠶᠢᠯᠢ ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ 《 ᠨᠢᠭᠡ ᠬᠦᠰᠦᠨᠦᠭᠲᠦ ᠪᠠᠷ ᠭᠤᠶᠤᠴᠢᠯᠠᠨ ᠮᠡᠳᠡᠭᠦᠯᠵᠦ᠂ ᠬᠠᠮᠲᠤ ᠎ ᠪᠠᠷ ᠲᠠᠲᠠᠪᠤᠷᠢᠯᠠᠵᠤ ᠬᠠᠮᠲᠤ ᠪᠠᠷ ᠬᠠᠮᠢᠶᠠᠷᠬᠤ 》᠎ ᠨᠢ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠪᠠ ᠨᠡᠮᠡᠯᠲᠡ ᠭᠠᠶᠢᠯᠢ ᠰᠦᠶᠳᠬᠡᠯ ᠤᠨ ᠮᠡᠳᠡᠭᠡ ᠵᠠᠩᠭᠢ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠭᠤᠶᠤᠴᠢᠯᠠᠨ ᠮᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠶᠢᠯᠢ ᠲᠤᠰᠢᠶᠠᠭᠴᠢ ᠶᠢᠨ ᠠᠵᠢᠯᠯᠠᠬᠤ ᠳᠤ ᠲᠥᠬᠦᠮ ᠦᠵᠡᠭᠦᠯᠪᠡ︔ ᠨᠥᠭᠦᠭᠡ ᠲᠠᠯ᠎ᠠ ᠪᠠᠷ᠂ ᠭᠠᠶᠢᠯᠢ ᠭᠦᠶᠴᠡᠳᠬᠡᠬᠦ ᠳᠠᠷᠤᠭᠠᠰᠤ ᠬᠥᠩᠭᠡᠷᠡᠵᠦ᠂ ᠰᠢᠨ᠎ᠡ ᠭᠤᠶᠤᠴᠢᠯᠠᠨ ᠮᠡᠳᠡᠭᠦᠯᠬᠦ ᠬᠦᠰᠦᠨᠦᠭᠲᠦ ᠨᠢ ᠨᠢᠭᠡᠨᠲᠡ ᠪᠠᠶᠢᠭ᠎ᠠ ᠲᠤᠭ᠎ᠠ ᠪᠠᠷᠢᠮᠲᠠ ᠶᠢ ᠠᠦ᠋ᠲ᠋ᠣ᠋ ᠪᠠᠷ ᠤᠷᠢᠳᠴᠢᠯᠠᠨ ᠲᠠᠭᠯᠠᠬᠤ ᠶᠢ ᠪᠡᠶᠡᠯᠡᠭᠦᠯᠵᠦ᠂ ᠭᠤᠶᠤᠴᠢᠯᠠᠨ ᠮᠡᠳᠡᠭᠦᠯᠬᠦ ᠠᠯᠳᠠᠭ᠎ᠠ ᠶᠢᠨ ᠲᠣᠬᠢᠶᠠᠯᠳᠤᠮᠵᠢ ᠶᠢ ᠪᠠᠭᠤᠷᠠᠭᠤᠯᠵᠤ᠂ ᠭᠤᠶᠤᠴᠢᠯᠠᠨ ᠮᠡᠳᠡᠭᠦᠯᠬᠦ ᠶᠠᠰᠤ ᠴᠢᠨᠠᠷ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠠᠰᠢᠭᠲᠠᠶ ᠪᠠᠶᠢᠳᠠᠭ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号