ᠬᠠᠶᠢᠷᠤᠪ ᠤᠨ ᠲᠣᠬᠤᠶ ᠶᠢᠨ ᠠᠵᠤ ᠦᠢᠯᠡᠳᠪᠦᠷᠢ ᠶᠢᠨ ᠬᠦᠷᠢᠶᠡᠯᠡᠩ ᠠᠴᠠ ᠲᠣᠭᠲᠠᠭᠠᠯ ᠳᠤ ᠨᠡᠶᠢᠴᠡᠬᠦ ᠦᠭᠡᠶ ᠠᠵᠤ ᠠᠬᠤᠶᠢᠯᠠᠯ ᠢ ᠢᠯᠭᠠᠷᠠᠭᠤᠯᠤᠨ ᠪᠤᠴᠠᠭᠠᠵᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠪᠠ
ᠨᠡᠶᠢᠲᠡᠯᠡᠭᠰᠡᠨ ᠴᠠᠭ᠄
2021/8/11
   8 ᠰᠠᠷ᠎ᠠ ᠶᠢᠨ 5᠎ ᠤ ᠡᠳᠦᠷ᠂ ᠬᠠᠶᠢᠷᠤᠪ ᠤᠨ ᠲᠣᠬᠤᠶ ᠶᠢᠨ ᠠᠵᠤ ᠦᠶᠯᠡᠳᠪᠦᠷᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠪᠣᠯᠪᠠᠰᠤᠷᠠᠭᠤᠯᠬᠤ ᠲᠣᠭᠤᠷᠢᠭ ᠤᠨ ᠠᠯᠪᠠᠨ ᠬᠡᠷ ᠬᠠᠶᠢᠷᠤᠪ ᠤᠨ ᠲᠣᠬᠤᠶ ᠲᠣᠭᠤᠷᠢᠭ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ᠂ ᠲᠣᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠶᠡᠷᠦᠩᠬᠡᠶᠢᠯᠡᠭᠰᠡᠨ ᠪᠣᠯᠪᠠᠰᠤᠷᠠᠭᠤᠯᠬᠤ ᠬᠦᠷᠢᠶᠡᠯᠡᠩ ᠤᠨ ᠳᠣᠲᠣᠷᠠᠬᠢ ᠲᠣᠭᠲᠠᠭᠠᠯ ᠳᠤ ᠥᠯᠥ ᠨᠡᠶᠢᠴᠡᠬᠦ ᠠᠵᠤ ᠠᠬᠤᠶᠢᠯᠠᠯ ᠳᠤ ᠬᠠᠮᠲᠤᠷᠠᠭᠰᠠᠨ ᠪᠠᠶᠢᠴᠠᠭᠠᠯᠲᠠ ᠬᠢᠵᠦ᠂ ᠲᠣᠭᠲᠠᠭᠠᠯ ᠳᠤ ᠥᠯᠥ ᠨᠡᠶᠢᠴᠡᠬᠦ 9 ᠠᠵᠤ ᠠᠬᠤᠶᠢᠯᠠᠯ ᠢ ᠢᠯᠡᠷᠡᠭᠦᠯᠪᠡ᠃      ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠢ᠂ ᠲᠣᠭᠲᠠᠭᠠᠯ ᠳᠤ ᠥᠯᠥ ᠨᠡᠶᠢᠴᠡᠬᠦ ᠠᠵᠤ ᠠᠬᠤᠶᠢᠯᠠᠯ ᠨᠢ ᠣᠯᠠᠩᠬᠢ ᠳᠤ ᠪᠠᠨ ᠲᠦᠷᠢᠶᠡᠰᠦᠯᠡᠬᠦ ᠠᠵᠤ ᠠᠬᠤᠶᠢᠯᠠᠯ ᠪᠠᠶᠢᠵᠤ᠂ ᠶᠠᠮᠠᠷ ᠴᠤ ᠭᠠᠷᠳᠠᠮ ᠥᠬᠡᠶ᠂ ᠬᠠᠶᠠᠭᠳᠠᠮᠠᠯ ᠡᠳ᠋᠂ ᠬᠤᠷᠢᠶᠠᠨ ᠠᠪᠤᠭᠰᠠᠨ ᠡᠳ᠋ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠪᠣᠬᠢᠷ ᠤᠰᠤ᠂ ᠪᠣᠬᠢᠷ ᠲᠣᠰᠣ ᠶᠢ ᠭᠠᠵᠠᠷ ᠪᠣᠯᠭᠠᠨ ᠳᠤ ᠤᠷᠤᠰᠬᠠᠬᠤ ᠶᠢᠨ ᠬᠠᠮᠲᠤ ᠲᠠᠷᠬᠠᠭᠠᠵᠤ ᠦᠮᠡᠬᠡᠶ ᠦᠨᠦᠷ ᠭᠠᠷᠴᠤ᠂ ᠶᠡᠭᠡ ᠬᠡᠮᠵᠢᠶᠡᠨ ᠤ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠬᠤ ᠪᠥᠭᠡᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠦᠨᠳᠦ ᠨᠣᠴᠢᠲᠠᠶ ᠨᠥᠯᠥᠭᠡᠯᠡᠵᠦ᠂ ᠵᠣᠬᠢᠬᠤ ᠬᠡᠮᠵᠢᠶᠡᠨ ᠤ ᠪᠣᠬᠢᠷᠲᠤᠯ ᠢ ᠪᠣᠶ ᠪᠣᠯᠭᠠᠪᠠ᠃      ᠬᠠᠶᠢᠷᠤᠪ ᠤᠨ ᠲᠤᠬᠤᠢ ᠠᠵᠤ ᠦᠢᠯᠡᠳᠪᠦᠷᠢ ᠶᠢᠨ ᠬᠦᠷᠢᠶᠡᠯᠡᠩ᠂ ᠬᠠᠶᠢᠷᠤᠪ ᠤᠨ ᠲᠤᠬᠤᠢ ᠲᠣᠭᠤᠷᠢᠭ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠣᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠡᠭᠦᠨ ᠳᠤ ᠴᠢᠩᠭ᠎ᠠ ᠰᠡᠷᠡᠮᠵᠢ ᠥᠭᠭᠦᠭᠰᠡᠨ ᠪᠥᠭᠡᠳ ᠢᠯᠭᠠᠷᠠᠭᠤᠯᠤᠨ ᠪᠤᠴᠠᠭᠠᠬᠤ ᠵᠠᠬᠢᠳᠠᠯ ᠪᠠᠭᠤᠯᠭᠠᠵᠤ᠂ ᠲᠡᠭᠦᠨ ᠢ 8 ᠰᠠᠷ᠎ᠠ ᠶᠢᠨ 14᠎ ᠤ ᠡᠳᠦᠷ ᠶᠡᠷᠦᠩᠬᠡᠶᠢᠯᠡᠭᠰᠡᠨ ᠪᠣᠯᠪᠠᠰᠤᠷᠠᠭᠤᠯᠬᠤ ᠬᠦᠷᠢᠶᠡᠯᠡᠩ ᠠᠴᠠ ᠨᠡᠭᠦᠵᠦ ᠭᠠᠷᠬᠤ ᠬᠡᠷᠡᠭᠲᠡᠢ ᠭᠡᠵᠦ ᠵᠠᠷᠯᠢᠭᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号