ᠬᠠᠶᠢᠷᠤᠪ ᠤᠨ ᠲᠤᠬᠤᠢ ᠠᠵᠤ ᠦᠢᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶ᠎ᠠ ᠶᠢᠨ 《 ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠬᠤᠪᠢᠰᠬᠠᠯ ᠤᠨ ᠤᠬ ᠰᠠᠨᠠᠭ᠎ᠠ ᠎ ᠪᠠᠨ ᠳᠤᠷᠠᠳᠬᠠᠬᠤ 》 ᠲᠤᠰᠬᠠᠢ ᠰᠡᠳᠦᠪᠲᠦ ᠨᠠᠮ ᠤᠨ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2021/8/12
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《 ᠤᠮᠠᠷᠠᠲᠤ ᠬᠢᠯᠢ ᠶᠢᠨ ᠨᠠᠮ ᠤᠨ ᠬᠢᠴᠢᠶᠡᠯ ᠤᠨ ᠶᠠᠪᠤᠭᠳᠠᠬᠤ ᠴᠠᠭ 》᠎ ᠤᠨ ᠠᠵᠢᠯᠯᠠᠭ᠎ᠠ ᠎ ᠶᠢ ᠦᠷᠭᠦᠯᠵᠢᠯᠡᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠵᠢᠷᠤᠮᠵᠢᠭᠤᠯᠤᠨ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠶ ᠶᠢᠨ ᠠᠵᠤ ᠦᠶᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶ᠎ᠠ 8 ᠰᠠᠷ᠎ᠠ ᠶᠢᠨ 10᠎ ᠤ ᠡᠳᠦᠷ 《 ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠪᠠᠨ ᠪᠡᠯᠭᠡᠯᠡᠵᠦ᠂ ᠬᠤᠪᠢᠰᠬᠠᠯᠲᠤ ᠣᠭ ᠰᠠᠨᠠᠭ᠎ᠠ ᠪᠠᠨ ᠡᠷᠭᠢᠴᠡᠭᠦᠯᠬᠦ 》 ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠪᠡ᠃ ᠲᠤᠰ ᠤᠳᠠᠭ᠎ᠠ ᠶᠢᠨ ᠨᠠᠮ ᠤᠨ ᠬᠢᠴᠢᠶᠡᠯ ᠢ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠽᠦᠢ ᠨᠢᠶᠠᠨ ᠲᠠᠶᠢᠯᠪᠤᠷᠢᠯᠠᠪᠠ᠃       ᠨᠠᠮ ᠤᠨ ᠬᠢᠴᠢᠶᠡᠯ ᠤᠨ ᠭᠤᠣᠯ ᠰᠡᠳᠦᠪ ᠪᠣᠯ 《 ᠨᠠᠮ ᠪᠠᠶᠢᠭᠤᠯᠤᠭᠳᠠᠭᠰᠠᠨ ᠵᠠᠭᠤᠨ ᠵᠢᠯ ᠢᠶᠠᠨ ᠪᠠᠶᠠᠷᠯᠠᠨ ᠤᠭᠲᠤᠵᠤ᠂ ᠴᠣ ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠶ᠎ᠠ 》᠃ ᠯᠢ ᠱᠦᠵᠢ ᠥᠭᠡᠷᠡᠴᠢᠯᠡᠯᠲᠡ ᠨᠡᠬᠡᠬᠡᠯᠳᠡ ᠎ ᠶᠢᠨ ᠬᠥᠭᠵᠢᠯᠲᠡ ᠶᠢᠨ ᠶᠠᠪᠤᠴᠠ᠂ ᠭᠤᠷᠪᠠᠨ ᠠᠭᠤᠤ ᠶᠡᠭᠡ ᠡᠷᠭᠢᠯᠲᠡ᠂ ᠥᠭᠡᠷᠡᠴᠢᠯᠡᠯᠲᠡ ᠨᠡᠬᠡᠬᠡᠯᠳᠡ ᠶᠢᠨ ᠬᠤᠪᠢᠷᠠᠯᠲᠠ ᠶᠢ ᠪᠡᠶᠡᠯᠡᠭᠦᠯᠬᠦ ᠭᠤᠷᠪᠠᠨ ᠲᠠᠯ᠎ᠠ ᠠᠴᠠ ᠤᠯᠠᠨ ᠳᠤ ᠨᠠᠮ ᠤᠨ ᠬᠢᠴᠢᠶᠡᠯ ᠢ ᠠᠮᠢᠳᠤᠯᠢᠭ ᠢᠶᠠᠷ ᠵᠢᠭᠠᠵᠤ᠂ ᠤᠨᠤᠯ ᠤᠨ ᠦᠨᠳᠦᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ᠂ ᠭᠤᠣᠯ ᠰᠡᠳᠦᠪ ᠲᠤᠪᠤᠶᠢᠮ᠎ᠠ᠂ ᠤᠳᠬ᠎ᠠ ᠰᠠᠨᠠᠭ᠎ᠠ ᠭᠦᠨ ᠭᠦᠨᠵᠡᠭᠡᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ᠂ ᠨᠡᠪᠳᠡᠷᠡᠳᠡᠯ᠎ᠡ ᠡᠵᠡᠮᠰᠢᠬᠦ᠂ ᠪᠣᠳᠠᠲᠠᠶᠢᠵᠢᠭᠤᠯᠬᠤ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠬᠦᠷᠢᠶᠡᠯᠡᠩ ᠲᠣᠭᠤᠷᠢᠭ ᠎ ᠤᠨ ᠪᠦᠬᠦ ᠠᠵᠢᠯᠲᠠᠨ ᠣᠷᠣᠯᠴᠠᠨ᠎ᠠ᠃      ᠬᠢᠴᠢᠶᠡᠯ ᠤᠨ ᠲᠠᠷᠠᠭ᠎ᠠ᠂ ᠤᠯᠠᠨ ᠢᠶᠠᠷ ᠢᠶᠠᠨ᠂ ᠯᠢ ᠱᠦᠵᠢ ᠶᠢᠨ ᠨᠠᠮ ᠤᠨ ᠬᠢᠴᠢᠶᠡᠯ ᠦᠨᠡᠨ ᠶᠣᠰᠣ ᠶᠢ ᠤᠯᠠᠮᠵᠢᠯᠠᠬᠤ ᠬᠦᠴᠦᠨ ᠲᠠᠢ᠂ ᠤᠯᠠᠨ ᠳᠤ ᠲᠠᠭᠠᠰᠢᠶᠠᠭᠳᠠᠵᠤ᠂ ᠣᠶᠢᠯᠠᠭᠠᠭᠳᠠᠵᠤ᠂ ᠬᠡᠷᠡᠭᠯᠡᠭᠳᠡᠵᠦ ᠪᠠᠶᠢᠨ᠎ᠠ ᠭᠡᠵᠦ ᠢᠯᠡᠳᠬᠡᠵᠡᠭᠡᠪᠡ᠃ ᠬᠤᠶᠢᠰᠢᠳᠠ ᠶᠢᠨ ᠠᠵᠢᠯ ᠳᠠᠭᠠᠨ ᠥᠪᠡᠷ ᠢ ᠪᠠᠨ ᠴᠢᠩᠭ᠎ᠠ ᠱᠠᠭᠠᠷᠳᠠᠵᠤ᠂ ᠥᠪᠡᠷ ᠤᠨ ᠤᠨᠤᠯ ᠎ ᠤᠨ ᠲᠦᠪᠰᠢᠨ ᠪᠣᠯᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号