ᠬᠠᠶᠢᠷᠤᠪ ᠤᠨ ᠲᠤᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠰᠠᠶᠢᠳᠤᠷ  ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/8/12
     ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ᠂ ᠢᠳᠡᠭᠡᠨ ( ᠬᠦᠢᠳᠡᠨ ᠬᠡᠯᠬᠢᠶᠡᠲᠦ ᠢᠳᠡᠭᠡᠨ )᠎ ᠤ ᠡᠵᠡᠩᠨᠡᠯᠲᠡ ᠶᠢᠨ ᠨᠢᠭᠡᠴᠢ᠂ ᠡᠮ ᠤᠨ ᠳᠡᠯᠭᠡᠭᠦᠷ ᠵᠡᠷᠭᠡ ᠪᠠᠷ ᠭᠤᠣᠯᠳᠠᠯᠭ᠎ᠠ ᠪᠣᠯᠭᠠᠨ᠂ ᠡᠯ᠎ᠡ ᠵᠦᠢᠯ ᠤᠨ ᠪᠠᠶᠢᠴᠠᠭᠠᠯᠲᠠ ᠶᠢᠨ ᠠᠵᠢᠯ ᠢ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠥᠷᠨᠢᠭᠦᠯᠵᠦ᠂ ᠬᠤᠭᠤᠰᠣᠨ ᠭᠠᠵᠠᠷ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠷ ᠴᠢᠷᠮᠠᠶᠢᠵᠤ᠂ ᠲᠣᠣᠷᠵᠢᠭᠤᠯᠤᠭᠰᠠᠨ ᠨᠠᠷᠢᠯᠢᠬᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠲᠠᠭᠤ ᠴᠢᠩᠭ᠎ᠠ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ᠂ 《 ᠥᠴᠦᠬᠡᠨ ᠴᠦ ᠠᠭᠤᠴᠢᠯᠠᠬᠤ ᠦᠭᠡᠢ 》᠂ 《 ᠥᠴᠦᠬᠡᠨ ᠴᠦ ᠬᠤᠶᠢᠷᠭᠤᠰᠢᠬᠤ ᠦᠭᠡᠢ 》 ᠣᠪᠣᠷ ᠢᠶᠠᠷ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠰᠢᠳᠬᠡᠬᠦ ᠶᠣᠰᠣᠲᠠᠢ ᠶᠢ ᠨᠢ ᠰᠢᠢᠳᠬᠡᠵᠦ᠂ ᠵᠣᠭᠰᠣᠭᠠᠬᠤ ᠶᠣᠰᠣᠲᠠᠢ ᠶᠢ ᠨᠢ ᠬᠠᠭᠠᠵᠤ ᠵᠣᠭᠰᠣᠭᠠᠨ᠎ᠠ᠃
     ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨᠬᠤᠸᠠ ᠰᠢ ᠭᠠᠵᠠᠷ ᠤᠨ ᠬᠢᠨ ᠰᠢᠨᠬᠤᠸᠠ ᠰᠢ ᠲᠣᠮᠢᠯᠠᠭᠰᠠᠨ ᠰᠠᠯᠪᠤᠷᠢ ᠲᠠᠢ ᠬᠠᠮᠲᠤᠷᠠᠨ᠂  ᠰᠢᠨ ᠲᠢᠶᠠᠨ ᠳ᠋ᠢ ᠵᠠᠬ᠎ᠠ ᠳᠡᠯᠭᠡᠭᠦᠷ ᠤᠨ ᠬᠢᠵᠢᠭ ᠢ ᠰᠡᠷᠭᠡᠶᠢᠯᠡᠬᠦ ᠠᠵᠢᠯ ᠳᠤ ᠪᠠᠶᠢᠴᠠᠭᠠᠯᠲᠠ ᠬᠢᠪᠠ᠃ ᠭᠤᠤᠯᠳᠠᠭᠤ ᠵᠠᠬ᠎ᠠ ᠳᠡᠯᠭᠡᠭᠦᠷ ᠤᠨ ᠡᠵᠡᠩᠨᠡᠭᠴᠢᠳ ᠠᠮᠠᠪᠴᠢ ᠵᠡᠭᠦᠭᠰᠡᠨ ᠡᠰᠡᠬᠦ᠂ ᠣᠯᠠᠨ ᠲᠦᠮᠡᠨ ᠵᠠᠬ᠎ᠠ ᠳᠡᠯᠭᠡᠭᠦᠷ ᠲᠤ ᠣᠷᠣᠵᠤ ᠳᠡᠩᠰᠡᠯᠡᠨ ᠲᠡᠮᠳᠡᠭᠯᠡᠭᠦᠯᠦᠭᠰᠡᠨ ᠡᠰᠡᠬᠦ ᠶᠢ ᠪᠥᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ᠂ ᠵᠠᠬ᠎ᠠ ᠳᠡᠯᠭᠡᠭᠦᠷ ᠡᠷᠭᠢᠯᠡᠭᠰᠡᠳ ᠢ ᠰᠢᠮᠳᠠᠭᠤᠯᠵᠤ ᠪᠠᠶᠢᠭᠠᠳ ᠵᠠᠬ᠎ᠠ ᠳᠡᠯᠭᠡᠭᠦᠷ ᠤᠨ ᠳᠣᠲᠣᠭᠠᠳᠤ ᠳᠤ ᠠᠷᠢᠭᠤᠳᠬᠠᠬᠤ ᠪᠠ ᠠᠷᠢᠭᠤᠨ ᠴᠡᠪᠡᠷ ᠪᠠᠶᠢᠯᠭᠠᠬᠤ ᠠᠵᠢᠯ ᠢ ᠰᠠᠶᠢᠲᠤᠷ ᠬᠢᠯᠭᠡᠨ᠎ᠡ᠃ ᠡᠭᠦᠨ ᠤ ᠬᠠᠮᠲᠤ᠂ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠦᠶᠯᠡᠰ ᠤᠨ ᠡᠵᠡᠩᠨᠡᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯᠣᠭᠤᠳᠤᠨ ᠪᠠᠶᠢᠴᠠᠭᠠᠨ᠎ᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠦᠭᠴᠢ ᠠᠴᠠ ᠰᠢᠨ ᠲᠢᠶᠠᠨ ᠳ᠋ᠢ ᠵᠠᠬ᠎ᠠ ᠳᠡᠯᠭᠡᠭᠦᠷ ᠢ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠠᠷᠢᠭᠤᠳᠬᠠᠯ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠬᠢᠵᠢᠭ ᠣᠷᠣᠵᠤ ᠢᠷᠡᠬᠦ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ 《 ᠪᠣᠭᠤᠮᠲᠠ 》᠎ ᠶᠢ ᠡᠷᠡᠰ ᠰᠠᠬᠢᠵᠤ᠂ ᠰᠢᠨ ᠲᠢᠶᠠᠨ ᠳ᠋ᠢ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠤᠳᠠᠯᠳᠤᠭᠠᠴᠢᠨ ᠲᠤᠬᠠᠶ ᠶᠢᠨ ᠲᠠᠯᠠᠪᠠᠶ ᠳᠤ ᠯᠠᠩᠭᠦᠶ ᠵᠢᠴᠢ ᠳᠡᠯᠭᠡᠭᠦᠷ ᠤᠨ ᠳᠣᠲᠣᠷᠠᠬᠢ ᠶᠢ ᠶᠡᠭᠡ ᠪᠠᠷ ᠴᠡᠪᠡᠷᠯᠡᠬᠦ ᠬᠡᠷᠡᠭᠲᠡᠶ ᠭᠡᠵᠦ ᠱᠠᠭᠠᠷᠳᠠᠪᠠ᠃      ᠢᠳᠡᠭᠡᠨ ᠤᠮᠳᠠᠭᠠᠨ ᠤ ᠲᠠᠯ᠎ᠠ ᠪᠠᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠤᠮᠳᠠᠭᠠᠨ ᠤ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠠᠮᠢᠶ᠎ᠠ ᠪᠦᠬᠦᠢ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠵᠦ᠂ ᠢᠳᠡᠭᠡᠨ ᠤᠮᠳᠠᠭᠠᠨ ᠤ ᠳᠡᠯᠭᠡᠭᠦᠷ ᠢ ᠬᠤᠭᠤᠯᠠᠨ ᠭᠡᠷ ᠲᠤ ᠣᠷᠣᠵᠤ ᠺᠣᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ ᠬᠡᠷᠡᠭᠲᠡᠢ᠂ ᠡᠷᠡᠭᠦᠯ ᠮᠡᠨᠳᠦ ᠶᠢᠨ ᠺᠣᠳ᠋ ᠢᠶᠠᠨ ᠭᠠᠷᠭᠠᠵᠤ ᠦᠵᠡᠭᠦᠯᠵᠦ ᠳᠡᠶᠢᠯᠬᠦ ᠦᠭᠡᠢ ᠨᠠᠰᠤᠲᠠᠶᠢᠴᠤᠳ ᠲᠤ ᠦᠨᠡᠨ ᠨᠡᠷ᠎ᠡ ᠪᠠᠷ ᠨᠢ ᠳᠠᠩᠰᠠᠯᠠᠭᠤᠯᠬᠤ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠬᠤ ᠶᠠᠪᠤᠴᠠ ᠳᠤ ᠨᠢᠭᠡ ᠢᠳᠡᠭᠡᠨ ᠤᠮᠳᠠᠭᠠᠨ ᠤ ᠳᠡᠯᠭᠡᠭᠦᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠨᠢᠭᠡᠨᠲᠡ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠪᠡ᠃      ᠡᠭᠦᠨ ᠤ ᠬᠠᠮᠲᠤ᠂ ᠭᠠᠳᠠᠨ᠎ᠠ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠦᠶᠲᠡᠨ ᠬᠡᠯᠬᠢᠶᠡᠲᠦ ᠢᠳᠡᠭᠡᠨ ᠢ ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠷᠬᠡᠪᠰᠢ ᠪᠦᠬᠦᠨ ᠢ ᠥᠪᠥᠷ ᠮᠣᠩᠭᠤᠯ ᠤᠨ ᠬᠦᠶᠲᠡᠨ ᠬᠡᠯᠬᠢᠶᠡᠲᠦ ᠢᠳᠡᠭᠡᠨ ᠤ ᠮᠥᠷᠳᠡᠨ ᠨᠡᠬᠡᠮᠵᠢᠯᠡᠬᠦ ᠰᠢᠰᠲ᠋ᠧᠮ ᠳᠤ ᠣᠷᠣᠭᠤᠯᠬᠤ ᠬᠡᠷᠡᠭᠲᠡᠶ ᠪᠥᠭᠡᠳ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠᠷ ᠳᠡᠮᠵᠢᠨ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠵᠠᠬ᠎ᠠ ᠳᠡᠯᠭᠡᠭᠦᠷ ᠲᠤ ᠭᠠᠷᠭᠠᠵᠤ᠂ ᠬᠦᠶᠲᠡᠨ ᠬᠡᠯᠬᠢᠶᠡᠲᠦ ᠢᠳᠡᠭᠡᠨ ᠤ ᠠᠵᠢᠯᠲᠠᠨ ᠳᠤ ᠭᠠᠷᠠᠭ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ ᠭᠡᠵᠦ ᠱᠠᠭᠠᠷᠳᠠᠪᠠ᠃ ᠣᠳᠣᠬᠠᠨ ᠳᠤ᠂ 135 ᠭᠤᠤᠯ ᠴᠣᠭᠴᠠ ᠨᠢᠭᠡᠨᠲᠡ ᠥᠪᠥᠷ ᠮᠣᠩᠭᠤᠯ ᠤᠨ ᠬᠦᠶᠲᠡᠨ ᠬᠡᠯᠬᠢᠶᠡᠲᠦ ᠰᠢᠰᠲ᠋ᠧᠮ ᠳᠤ ᠣᠷᠣᠵᠤ ᠰᠠᠭᠤᠨ᠂ ᠨᠡᠶᠢᠲᠡ 520480 kg ᠡᠳ᠋ ᠪᠠᠷᠠᠭ᠎ᠠ ᠳᠠᠩᠰᠠᠯᠠᠭᠤᠯᠵᠤ᠂ ᠬᠤᠶᠠᠷ ᠬᠡᠮᠵᠢᠯᠳᠦ ᠺᠣᠳ᠋ 286 ᠪᠣᠶ ᠪᠣᠯᠵᠣ᠂ ᠶᠢᠨ ᠢᠦ᠋ᠶ ᠬᠦᠶᠲᠡᠨ ᠬᠥᠮᠥᠷᠭᠡ ᠪᠠ ᠰᠢᠨ ᠲᠢᠶᠠᠨ ᠳ᠋ᠢ ᠬᠦᠶᠲᠡᠨ ᠬᠥᠮᠥᠷᠭᠡ ᠳᠠᠬᠢ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ ᠤ ᠡᠵᠡᠩᠨᠡᠭᠴᠢ ᠪᠦᠬᠦᠨ ᠢᠶᠠᠷ ᠢᠶᠠᠨ ᠥᠪᠥᠷ ᠮᠣᠩᠭᠤᠯ ᠤᠨ ᠬᠦᠶᠲᠡᠨ ᠬᠡᠯᠬᠢᠶᠡᠲᠦ ᠢᠳᠡᠭᠡᠨ ᠳᠤ ᠣᠷᠣᠵᠤ ᠰᠠᠭᠤᠪᠠ᠃ ᠡᠯ᠎ᠡ ᠵᠦᠶᠯ ᠤᠨ ᠥᠯᠢᠭᠡᠷ ᠡᠳ᠋ ᠢ ᠨᠡᠶᠢᠲᠡ 5018 ᠬᠤᠪᠢ ᠴᠤᠭᠯᠠᠭᠤᠯᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ《 ᠲᠦᠷᠪᠡᠨ ᠴᠢᠩᠭ᠎ᠠ 》ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠣᠷᠣᠵᠤ ᠢᠷᠡᠬᠦ ᠪᠣᠭᠤᠮᠲᠠ ᠶᠢ ᠴᠢᠩᠭ᠎ᠠ ᠰᠠᠬᠢᠵᠤ᠂ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠳᠡᠯᠭᠡᠭᠦᠷ ᠲᠤ ᠣᠷᠣᠵᠤ 《 ᠠᠮᠠᠪᠴᠢ + ᠪᠡᠶ᠎ᠡ ᠶᠢᠨ ᠬᠠᠯᠠᠭᠤᠨ ᠢ ᠬᠡᠮᠵᠢᠬᠦ + ᠺᠣᠳ᠋ ᠢ ᠰᠢᠷᠪᠢᠬᠦ 》᠎ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ ᠢᠳᠡᠭᠡᠨ ᠤ ᠮᠠᠲ᠋ᠧᠷᠢᠶᠠᠯ ᠤᠨ ᠪᠣᠭᠤᠮᠲᠠ ᠶᠢ ᠴᠢᠩᠭ᠎ᠠ ᠠᠳᠬᠤᠵᠤ᠂ ᠬᠠᠷᠢᠶ᠎ᠠ ᠣᠷᠣᠨ ᠤ ᠪᠤᠶ ᠪᠦᠬᠦᠢ ᠢᠳᠡᠭᠡᠨ ᠤᠮᠳᠠᠭᠠᠨ ᠤ ᠡᠵᠡᠩᠨᠡᠯᠲᠡ ᠶᠢᠨ ᠡᠷᠦᠬᠡ ᠬᠦᠢᠲᠡᠨ ᠬᠡᠯᠬᠢᠶᠡᠲᠦ ᠢᠳᠡᠭᠡᠨ ᠤ ᠮᠠᠲ᠋ᠧᠷᠢᠶᠠᠯ ᠢ ᠴᠢᠩᠭ᠎ᠠ ᠰᠣᠩᠭᠤᠨ ᠬᠡᠷᠡᠭᠯᠡᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠮᠠᠲ᠋ᠧᠷᠢᠶᠠᠯ ᠢ ᠬᠡᠷᠡᠭᠯᠡᠵᠦ ᠪᠠᠶᠢᠭ᠎ᠠ ᠬᠤᠳᠠᠯᠳᠤᠭᠠᠴᠢᠨ ᠳᠤ ᠡᠷᠬᠡᠪᠰᠢ 《 ᠥᠪᠥᠷ ᠮᠣᠩᠭᠤᠯ ᠬᠦᠢᠲᠡᠨ ᠬᠡᠯᠬᠢᠶᠡᠲᠦ 》 ᠰᠢᠰᠲ᠋ᠧᠮ ᠢ ᠬᠡᠷᠡᠭᠯᠡᠨ ᠢᠷᠡᠯᠲᠡ ᠶᠢ ᠨᠢ ᠤᠬᠤᠴᠢᠯᠠᠬᠤ ᠬᠠᠮᠢᠶᠠᠷᠤᠯᠲᠠ ᠬᠢᠵᠦ᠂ ᠬᠦᠢᠲᠡᠨ ᠬᠡᠯᠬᠢᠶᠡᠲᠦ ᠨᠡᠬᠡᠮᠵᠢᠯᠡᠨ ᠮᠥᠷᠳᠡᠬᠦ ᠺᠣᠳ᠋ ᠦᠭᠡᠶ ᠢᠳᠡᠭᠡᠨ ᠤ ᠮᠠᠲ᠋ᠧᠷᠢᠶᠠᠯ ᠢ ᠪᠣᠯᠪᠠᠰᠤᠷᠠᠭᠤᠯᠬᠤ ᠭᠤᠭᠴᠤᠭ᠎ᠠ ᠳᠤ ᠣᠷᠣᠭᠤᠯᠬᠤ ᠶᠢ ᠴᠠᠭᠠᠵᠠᠯᠠᠬᠤ ᠬᠡᠷᠡᠭᠲᠡᠶ᠃ ᠠᠵᠢᠯᠲᠠᠨ ᠤ ᠪᠣᠭᠤᠮᠲᠠ ᠶᠢ ᠴᠢᠩᠭ᠎ᠠ ᠰᠠᠬᠢᠵᠤ᠂ ᠬᠠᠷᠢᠶ᠎ᠠ ᠲᠣᠭᠤᠷᠢᠭ ᠤᠨ ᠪᠣᠶ ᠪᠥᠬᠦᠶ ᠢᠳᠡᠭᠡᠨ ᠤᠮᠳᠠᠭᠠᠨ ᠤ ᠡᠵᠡᠩᠨᠡᠯᠲᠡ ᠶᠢᠨ ᠡᠷᠦᠬᠡ ᠡᠵᠡᠩᠨᠡᠯᠲᠡ ᠶᠢᠨ ᠬᠤᠭᠤᠴᠠᠭᠠᠨ ᠳᠠᠭᠠᠨ ᠡᠷᠬᠡᠪᠰᠢ ᠪᠥᠬᠦ ᠶᠠᠪᠤᠴᠠ ᠳᠤ ᠠᠮᠠᠪᠴᠢ ᠶᠢᠨ ᠮᠠᠯᠠᠭᠠᠶ ᠵᠡᠭᠦᠵᠦ᠂ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠳᠦᠷ ᠪᠦᠷᠢ ᠳᠡᠯᠭᠡᠭᠦᠷ ᠢᠶᠠᠨ ᠬᠠᠭᠠᠬᠤ ᠠᠴᠠ ᠡᠮᠦᠨ᠎ᠡ ᠡᠷᠬᠡᠪᠰᠢ ᠪᠥᠬᠦ ᠳᠡᠯᠭᠡᠭᠦᠷ ᠢᠶᠠᠷ ᠢᠶᠠᠨ ᠠᠷᠢᠭᠤᠳᠬᠠᠬᠤ ᠠᠵᠢᠯ ᠢ ᠬᠢᠵᠦ᠂ ᠳᠤᠮᠳᠠ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠲᠠᠯ᠎ᠠ ᠪᠠᠷ ᠡᠷᠬᠡᠪᠰᠢ ᠥᠷᠯᠥᠭᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠂ ᠬᠡᠷᠪᠡ ᠪᠡᠶ᠎ᠡ ᠮᠠᠬᠠᠪᠣᠳ ᠪᠤᠶᠤ ᠪᠡᠶ᠎ᠡ ᠶᠢᠨ ᠳᠤᠯᠠᠭᠠᠨ ᠬᠡᠪ ᠤᠨ ᠪᠤᠰᠤ ᠪᠠᠶᠢᠪᠠᠯ᠂ ᠳᠠᠷᠤᠶ ᠲᠦᠷᠭᠡᠨ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠭᠡᠵᠦ ᠱᠠᠭᠠᠷᠳᠠᠪᠠ᠃ ᠲᠣᠮᠣ ᠬᠡᠯᠪᠡᠷᠢ ᠶᠢᠨ ᠬᠠᠮᠲᠤ ᠶᠢᠨ ᠬᠤᠭᠤᠯᠠ᠂ ᠴᠤᠭᠯᠠᠭᠠᠨ ᠤ ᠠᠵᠢᠯᠯᠠᠭ᠎ᠠ ᠶᠢᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ 50 ᠬᠥᠮᠦᠨ ᠠᠴᠠ ᠳᠡᠭᠡᠭᠰᠢ ᠳᠠᠶᠢᠯᠠᠯᠭ᠎ᠠ ᠶᠢᠨ ᠠᠵᠢᠯᠯᠠᠭ᠎ᠠ ᠶᠢ ᠡᠷᠬᠢᠯᠡᠬᠦ ᠳᠤ ᠡᠷᠬᠡᠪᠰᠢ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ  ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号