ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 《 ᠲᠡᠷᠭᠡᠨ ᠵᠣᠭᠰᠣᠭᠠᠯ 》᠎ ᠢ ᠲᠤᠰᠬᠠᠢ ᠴᠡᠭᠴᠡᠯᠡᠨ ᠵᠠᠰᠠᠬᠤ ᠠᠵᠢᠯ ᠢ ᠳᠠᠬᠢᠨᠲᠠ ᠠᠬᠢᠭᠤᠯᠪᠠ
ᠨᠡᠶᠢᠲᠡᠯᠡᠭᠰᠡᠨ ᠴᠠᠭ᠄
2021/8/12
     ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠃ 8 ᠰᠠᠷ᠎ᠠ ᠶᠢᠨ 3᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠭᠧ ᠳ᠋ᠦᠩ ᠮᠧᠢ ᠨᠥᠬᠦᠷ ᠬᠠᠶᠢᠷᠤᠪ ᠤᠨ ᠲᠤᠬᠤᠢ ᠲᠣᠭᠤᠷᠢᠭ ᠤᠨ 《 ᠲᠡᠷᠭᠡᠨ ᠵᠣᠭᠰᠣᠭᠠᠯ 》᠎ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ 《 ᠲᠡᠷᠭᠡᠨ ᠵᠣᠭᠰᠣᠭᠠᠯ 》᠎ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠶᠠᠳᠤᠭᠠᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠤᠭᠰᠠᠨ ᠪᠥᠭᠡᠳ ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃      ᠬᠤᠷᠠᠯ ᠠᠴᠠ᠂ ᠲᠤᠰᠬᠠᠶ ᠴᠡᠭᠴᠡᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ ᠲᠥᠯᠥᠪᠵᠢᠭᠦᠯᠭᠡ ᠬᠢᠬᠦ᠂ ᠬᠢᠨᠠᠨ ᠵᠥᠪᠰᠢᠶᠡᠷᠡᠬᠦ᠂ ᠰᠦᠶᠳᠬᠡᠯ ᠬᠤᠷᠢᠶᠠᠬᠤ᠂ ᠬᠢᠨᠠᠨ ᠬᠠᠮᠢᠶᠠᠷᠬᠤ ᠳᠥᠷᠪᠡᠨ ᠭᠤᠭᠴᠤᠭ᠎ᠠ ᠶᠢᠨ ᠲᠣᠭᠤᠷᠢᠨ ᠳᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠰᠬᠠᠶ ᠵᠦᠶᠯ ᠢᠶᠠᠷ ᠢᠯᠭᠠᠷᠠᠭᠤᠯᠤᠨ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠪᠠᠶᠢᠳᠠᠯ ᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠵᠤ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠪᠠ ᠠᠰᠠᠭᠤᠳᠠᠯ ᠤᠨ ᠨᠠᠷᠢᠨ ᠲᠠᠩᠰᠠ ᠲᠠᠢ ᠴᠢᠩᠭ᠎ᠠ ᠬᠠᠷᠭᠤᠭᠤᠯᠵᠤ᠂ 《 ᠵᠢᠷᠤᠭ ᠡᠯᠭᠦᠨ ᠪᠠᠶᠢᠯᠳᠤᠬᠤ 》᠂ 《 ᠵᠢᠷᠤᠭ ᠶᠣᠰᠣᠭᠠᠷ ᠪᠠᠷᠢᠯᠭ᠎ᠠ ᠪᠠᠷᠢᠬᠤ 》 ᠬᠡᠷᠡᠭᠲᠡᠢ᠃ ᠭᠤᠷᠪᠠ ᠳᠤ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠲᠠᠢ ᠤᠶᠠᠯᠳᠤᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠡᠵᠡᠮᠰᠢᠵᠦ᠂ ᠠᠰᠠᠭᠤᠳᠠᠯ ᠢ ᠦᠨᠡᠨ ᠬᠦ ᠣᠨᠣᠪᠴᠢᠲᠠᠶ ᠡᠷᠢᠵᠦ᠂ ᠪᠣᠳᠠᠲᠠᠶ ᠡᠷᠢᠵᠦ᠂ ᠪᠦᠷᠢᠨ ᠡᠷᠢᠬᠦ ᠬᠡᠷᠡᠭᠲᠡᠶ᠃ ᠳᠥᠷᠪᠡ ᠳᠤ᠂ ᠠᠵᠢᠯ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠭᠤᠤᠯ ᠴᠣᠭᠴᠠ ᠶᠢᠨ ᠠᠯᠪᠠᠨ ᠬᠡᠷ ᠲᠠᠢ ᠴᠠᠭ ᠲᠤᠬᠠᠶ ᠳᠤᠨᠢ ᠨᠢᠭᠲᠠ ᠬᠠᠷᠢᠯᠴᠠᠵᠤ᠂ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠡᠵᠡᠮᠰᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠵᠠᠯᠠᠷᠠᠭᠤᠯᠵᠤ ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠵᠡᠷᠭᠡ ᠪᠠᠷ ᠵᠣᠬᠢᠴᠠᠭᠤᠯᠬᠤ᠂ ᠵᠡᠷᠭᠡ ᠪᠠᠷ ᠬᠦᠴᠦᠯᠡᠬᠦ ᠶᠢ ᠪᠠᠲᠤᠯᠠᠬᠤ ᠬᠡᠷᠡᠭᠲᠡᠶ᠃      ᠬᠤᠷᠠᠯ ᠳᠡᠭᠡᠷ᠎ᠡ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠦᠬᠠᠶ ᠬᠤᠲᠠ ᠎ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠶ ᠶᠢᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠬᠠᠷᠢᠭᠤ ᠮᠡᠳᠡᠭᠦᠯᠦᠯᠲᠡ ᠬᠢᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号