ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠲᠥᠯᠥᠭᠡᠯᠡᠭᠴᠢ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠬᠤᠪᠢᠶᠠᠯᠴᠠᠪᠠ
ᠨᠡᠶᠢᠲᠡᠯᠡᠭᠰᠡᠨ ᠴᠠᠭ᠄
2021/8/13
     8 ᠰᠠᠷ᠎ᠠ ᠶᠢᠨ 9᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃ ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠭᠤᠷᠪᠠᠨ ᠨᠠᠮ ᠤᠨ ᠲᠥᠯᠥᠭᠡᠯᠡᠭᠴᠢ ᠠᠵᠢᠯ ᠤᠨ ᠪᠣᠳᠠᠲᠤ ᠪᠠᠶᠢᠳᠠᠯ ᠪᠠ ᠥᠪᠡᠷ ᠤᠨ ᠣᠶᠢᠯᠠᠭᠠᠯᠲᠠ ᠲᠠᠢ ᠪᠠᠨ ᠤᠶᠠᠯᠳᠤᠭᠤᠯᠤᠨ ᠬᠤᠪᠢᠶᠠᠯᠴᠠᠪᠠ᠃
     ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠯᠢᠦᠢ ᠬᠠᠢ ᡁᠢ᠂ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂《 ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠨ᠎ᠡ ᠬᠠᠭᠤᠳᠠᠰᠤ ᠎ ᠶᠢ ᠪᠢᠴᠢᠭᠯᠡᠶ᠎ᠡ 》ᠭᠡᠬᠦ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ 《 ᠢᠯᠡᠳᠬᠡᠯ 》᠎ ᠳᠤ ᠳᠤᠷᠠᠳᠤᠭᠰᠠᠨ ᠢᠷᠡᠭᠡᠳᠦᠢ ᠶᠢᠨ ᠲᠠᠪᠤᠨ ᠵᠢᠯ ᠤᠨ ᠠᠵᠢᠯ ᠤᠨ ᠴᠢᠭᠯᠡᠯ ᠢ ᠣᠨᠣᠪᠴᠢᠲᠠᠢ ᠡᠵᠡᠮᠳᠡᠵᠦ᠂ ᠵᠡᠭᠡᠯᠢ ᠭᠤᠳᠤᠮᠵᠢ ᠶᠢᠨ ᠢᠷᠡᠭᠡᠳᠦᠢ ᠶᠢᠨ ᠠᠵᠢᠯ ᠤᠨ ᠵᠢᠯᠤᠭᠤᠳᠤᠯᠭ᠎ᠠ ᠪᠣᠯᠭᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠪᠥᠭᠡᠳ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠭᠠᠨ ᡁᠢ ᠲᠤᠤ ᠶᠢᠨ ᠦᠵᠡᠬᠦ ᠪᠠᠷ᠂《 ᠢᠯᠡᠳᠬᠡᠯ 》᠎ ᠤᠨ ᠠᠭᠤᠯᠭ᠎ᠠ ᠵᠢᠴᠢ ᠵᠣᠷᠢᠭ ᠰᠠᠨᠠᠭ᠎ᠠ ᠶᠢ ᠵᠠᠪᠠᠯ ᠢᠯᠡᠭᠦᠬᠡᠨ ᠰᠤᠷᠤᠯᠴᠠᠵᠤ᠂ ᠢᠯᠡᠭᠦᠬᠡᠨ ᠪᠣᠳᠣᠯᠬᠢᠯᠠᠵᠤ᠂ ᠢᠯᠡᠭᠦᠬᠡᠨ ᠦᠢᠯᠡᠳᠦᠯᠭᠡᠵᠢᠭᠦᠯᠬᠦ ᠬᠡᠷᠡᠭᠲᠡᠢ᠃ 《 ᠢᠯᠡᠳᠬᠡᠯ 》᠎ ᠳᠤ ᠳᠤᠷᠠᠳᠤᠭᠰᠠᠨ ᠬᠤᠶᠢᠰᠢᠳᠠ ᠶᠢᠨ ᠲᠠᠪᠤᠨ ᠵᠢᠯ ᠤᠨ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠮᠡᠴᠡᠬᠦ ᠬᠠᠷᠠᠯᠲᠠ ᠪᠣᠯ ᠮᠠᠨ ᠤ ᠵᠡᠭᠡᠯᠢ ᠭᠤᠳᠤᠮᠵᠢ ᠶᠢᠨ ᠠᠵᠢᠯ ᠢᠶᠠᠨ ᠥᠷᠨᠢᠭᠦᠯᠬᠦ ᠴᠢᠭᠯᠡᠯ ᠪᠣᠯᠬᠤ ᠪᠠᠷ ᠪᠠᠷᠠᠬᠤ ᠦᠭᠡᠢ ᠨᠡᠩ ᠴᠤ ᠮᠠᠨ ᠤ ᠠᠵᠢᠯ ᠢᠶᠠᠨ ᠬᠡᠷᠬᠢᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠴᠡᠭ ᠢ ᠬᠡᠷᠬᠢᠨ ᠡᠷᠢᠵᠦ ᠤᠯᠬᠤ ᠶᠢᠨ ᠦᠨᠳᠦᠰᠦᠯᠡᠯ ᠮᠥᠨ᠃ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠵᠦ᠂ ᠤᠳᠤ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠳᠤ᠂ ᠪᠢᠳᠡᠨ ᠤ 《 ᠢᠯᠡᠳᠬᠡᠯ 》᠎ ᠤᠨ ᠠᠭᠤᠯᠭ᠎ᠠ ᠶᠢ ᠲᠠᠬᠢᠨ ᠳᠠᠪᠲᠠᠨ ᠰᠤᠷᠤᠯᠴᠠᠵᠦ᠂ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠣᠶᠢᠯᠠᠭᠠᠬᠤ ᠶᠢᠨ ᠬᠠᠮᠲᠤ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠬᠦ ᠶᠢ ᠱᠠᠭᠠᠷᠳᠠᠨ᠎ᠠ᠃      ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠨᠠᠮ ᠎ ᠤᠨ ᠬᠤᠷᠢᠶᠠᠨ ᠤ ᠱᠦᠵᠢ ᠸᠠᠩ ᠬᠤᠩ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠳᠠᠨ ᠪᠣᠯᠤᠭᠰᠠᠨ ᠎ ᠤ ᠬᠤᠪᠢ ᠳᠤ᠂ 《 ᠢᠯᠡᠳᠬᠡᠯ 》᠎ ᠢ ᠨᠠᠷᠢᠨ ᠬᠢᠨᠠᠮᠠᠭᠠᠢ ᠰᠤᠷᠤᠯᠴᠠᠬᠤ᠂ ᠭᠦᠨᠵᠡᠭᠡᠢ ᠣᠶᠢᠯᠠᠭᠠᠬᠤ ᠪᠠᠷ ᠳᠠᠮᠵᠢᠨ᠂ ᠦᠬᠠᠢ ᠬᠤᠳᠠ ᠶᠢᠨ ᠲᠠᠪᠤᠨ ᠵᠢᠯ ᠳᠤ ᠣᠯᠤᠭᠰᠠᠨ ᠠᠮᠵᠢᠯᠲᠠ ᠪᠦᠲᠦᠮᠵᠢ ᠶᠢ ᠣᠶᠢᠯᠠᠭᠠᠵᠤ᠂ ᠮᠠᠰᠢ ᠣᠮᠣᠭᠰᠢᠵᠤ ᠪᠠᠶᠢᠨ᠎ᠠ᠃ ᠥᠪᠡᠷ ᠤᠨ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠨᠳᠦᠰᠦᠨ ᠱᠠᠲᠤᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠪᠡ᠃ ᠢᠯᠠᠩᠭᠤᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠠᠯ᠎ᠠ ᠪᠠᠷ᠂ ᠭᠤᠷᠪᠠᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠦᠨᠳᠦᠳᠬᠡᠯ ᠤᠨ ᠲᠥᠷᠥᠭᠳᠡᠯ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠦᠨᠳᠦᠰᠦᠨ ᠱᠠᠲᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ᠎ᠡ᠃      ᠬᠤᠷᠠᠯ ᠤᠨ ᠳᠠᠷᠠᠭ᠎ᠠ᠂ ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ ᠠᠵᠢᠯᠴᠢᠨ ᠢᠯᠡᠷᠬᠡᠶᠢᠯᠡᠬᠦ ᠳᠡᠭᠡᠨ᠂ ᠨᠠᠷᠢᠨ ᠬᠢᠨᠠᠮᠠᠭᠠᠶ ᠰᠤᠷᠤᠯᠴᠠᠨ ᠭᠦᠨᠵᠡᠭᠡᠶ ᠣᠶᠢᠯᠠᠭᠠᠵᠤ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠣᠪᠣᠷ ᠢᠶᠠᠷ ᠦᠨᠳᠦᠰᠦᠨ ᠱᠠᠲᠤᠨ ᠤ ᠡᠯ᠎ᠡ ᠵᠦᠶᠯ ᠤᠨ ᠠᠷᠠᠳ ᠲᠦᠮᠡᠨ ᠳᠤ ᠦᠶᠯᠡᠴᠢᠯᠡᠬᠦ ᠠᠵᠢᠯ ᠢ ᠰᠠᠶᠢᠲᠤᠷ ᠬᠢᠨ᠎ᠠ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号