ᠶᠠᠩ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/13
     8 ᠰᠠᠷ᠎ᠠ ᠶᠢᠨ 10᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ ᠶᠠᠩ ᠶᠢᠨ ᠨᠡᠷ ᠤᠷᠢᠳ ᠬᠤᠵᠢᠳ ᠦᠬᠠᠢ ᠨᠠᠭᠤᠷ ᠤᠨ ᠦᠵᠡᠮᠵᠢ ᠶᠢᠨ ᠣᠷᠣᠨ᠂ ᠢᠦᠢ ᠶᠣᠸᠡᠢ ᠨᠣᠮ ᠤᠨ ᠪᠠᠭᠠᠷ᠂ ᠦᠬᠠᠢ ᠶᠢᠨ ᠬᠦᠷᠢᠶ᠎ᠡ᠂ ᠯᠠᠨ ᠲᠢᠩ ᠠᠭᠤᠳᠠᠮ ᠲᠠᠯᠠᠪᠠᠢ ᠵᠡᠷᠭᠡ ᠭᠠᠵᠠᠷ ᠢᠶᠠᠷ ᠬᠦᠷᠴᠦ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠵᠢᠭᠤᠯᠴᠢᠯᠠᠭᠴᠢᠳ ᠤᠨ ᠤᠷᠤᠰᠬᠠᠯ ᠤᠨ ᠬᠡᠮᠵᠢᠶ᠎ᠡ᠂ ᠲᠦᠷᠦᠯ ᠵᠦᠢᠯ ᠤᠨ ᠲᠥᠯᠥᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠣᠶᠣᠯ ᠪᠠ ᠵᠢᠭᠤᠯᠴᠢᠯᠠᠯ ᠤᠨ ᠠᠭᠤᠰᠤᠯᠴᠠᠯ ᠢ ᠰᠠᠶᠢᠲᠤᠷ ᠬᠢᠬᠦ ᠲᠤᠬᠠᠢ ᠰᠠᠨᠠᠯ ᠢᠶᠠᠨ ᠰᠣᠯᠢᠯᠴᠠᠵᠠᠢ᠃      ᠶᠠᠩ ᠶᠢᠨ ᠵᠢᠭᠠᠵᠤ ᠭᠠᠷᠭᠠᠭᠰᠠᠨ ᠨᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠨᠢ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠂ ᠰᠢ ᠶᠢᠨ ᠫᠢᠩ ᠶᠡᠷᠦᠩᠬᠡᠶ ᠱᠦᠵᠢ ᠶᠢᠨ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠤᠬᠠᠶ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠮᠠᠨ ᠤ ᠬᠤᠲᠠ ᠶᠢᠨ ᠰᠣᠶᠣᠯ᠂ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠲᠥᠷᠥᠯ ᠵᠦᠢᠯ ᠢᠶᠠᠷ ᠳᠠᠶᠢᠴᠢᠯᠠᠬᠤ ᠶᠢ ᠬᠡᠷᠡᠭᠵᠢᠭᠦᠯᠦᠨ᠂ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠪᠠᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠡᠵᠡᠩᠨᠡᠯᠲᠡ ᠵᠢᠴᠢ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠵᠢᠭᠤᠯᠴᠢᠯᠠᠯ ᠤᠨ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠠᠳᠠᠯᠢ ᠪᠤᠰᠤ ᠵᠢᠭᠤᠯᠴᠢᠯᠠᠭᠴᠢᠳ ᠤᠨ ᠬᠡᠷᠡᠭᠴᠡᠭᠡ ᠶᠢ ᠬᠠᠩᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠶ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦᠯᠢ ᠴᠣᠭᠴᠠ ᠶᠢᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠤᠯᠲᠠ ᠪᠠᠨ ᠴᠢᠩᠭᠠᠳᠬᠠᠨ᠂ ᠦᠢᠯᠡᠳᠬᠦᠨ ᠤ ᠬᠠᠩᠭᠠᠯᠭ᠎ᠠ ᠪᠠᠨ ᠪᠠᠶᠠᠯᠢᠭᠵᠢᠭᠤᠯᠵᠤ᠂ ᠬᠡᠪᠴᠢᠶᠡᠵᠢᠭᠰᠡᠨ ᠦᠷ᠎ᠡ ᠠᠰᠢᠭ ᠢ ᠪᠣᠶ ᠪᠣᠯᠭᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠪᠣᠯᠤᠨ ᠵᠥᠭᠡᠯᠡᠨ ᠲᠣᠨᠤᠭ ᠤᠨ ᠪᠥᠲᠥᠭᠡᠨ ᠪᠠᠶᠢᠭᠤᠯᠤᠯᠲᠠ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠨ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠮᠠᠨ ᠤ ᠬᠤᠲᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠭ᠎ᠠ ᠲᠠᠨᠢᠯᠴᠠᠭᠤᠯᠭ᠎ᠠ ᠪᠠᠨ ᠴᠢᠩᠭᠠᠳᠬᠠᠵᠤ᠂ ᠡᠯ᠎ᠡ ᠲᠦᠷᠦᠯ ᠤᠨ ᠤᠬᠠᠭᠤᠯᠭ᠎ᠠ ᠶᠢᠨ ᠲᠠᠪᠴᠠᠩ ᠤᠨ ᠠᠴᠢᠶᠠᠯᠠᠪᠤᠷᠢ ᠶᠢ ᠠᠰᠢᠭᠯᠠᠵᠤ᠂ ᠦᠬᠠᠢ ᠶᠢᠨ ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠡᠬᠢ ᠪᠠᠶᠠᠯᠢᠭ ᠤᠨ ᠠᠭᠤᠯᠤᠭᠳᠠᠬᠤᠨ ᠢ ᠴᠢᠨᠠᠭᠰᠢᠳᠠ ᠠᠭᠤᠳᠠᠯᠵᠤ᠂ ᠢᠯᠡᠳᠬᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠢᠭᠡ ᠪᠦᠯᠦᠭ ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ ᠪᠠᠷ ᠥᠨᠳᠥᠷ᠂ ᠵᠢᠭᠤᠯᠴᠢᠯᠠᠭᠴᠢᠳ ᠤᠨ ᠪᠠᠭ᠋ᠠᠷᠬᠠᠬᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠭᠠᠷᠭᠠᠵᠤ᠂ ᠦᠬᠠᠢ ᠶᠢᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠣᠯᠤᠨ ᠠᠯᠳᠠᠷᠰᠢᠯ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠨᠢᠭᠡ ᠪᠦᠯᠦᠭ ᠲᠠᠭᠠᠭᠤᠯᠤᠭᠴᠢ ᠠᠵᠤ ᠠᠬᠤᠶᠢᠯᠠᠯ ᠢ ᠨᠡᠭᠡᠭᠡᠨ ᠬᠥᠭᠵᠢᠭᠦᠯᠬᠦ ᠪᠠ ᠡᠵᠡᠩᠨᠡᠯᠲᠡ ᠬᠠᠮᠢᠶᠠᠷᠤᠯᠲᠠ ᠳᠤ ᠣᠷᠣᠯᠴᠠᠭᠤᠯᠬᠤ ᠪᠠᠷ ᠬᠦᠴᠦᠯᠡᠵᠦ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠡᠢ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号