ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠡᠷᠦᠩᠬᠡᠢ ᠱᠦᠵᠢ ᠰᠢ ᠶᠢᠨ ᠫᠢᠩ ᠤᠨ 《 7.1 》᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/8/2
   7 ᠰᠠᠷ᠎ᠠ ᠶᠢᠨ 29᠎ ᠤ ᠡᠳᠦᠷ᠂ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠡᠷᠦᠩᠬᠡᠢ ᠱᠦᠵᠢ ᠰᠢ ᠶᠢᠨ ᠫᠢᠩ ᠤᠨ 《 7.1 》᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ 30 ᠭᠠᠷᠤᠢ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠵᠡᠭᠡᠯᠢ ᠭᠤᠳᠤᠮᠵᠢ ᠶᠢᠨ ᠪᠠᠶᠢᠭᠤᠯᠭ᠎ᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠢᠳᠡᠪᠬᠢᠲᠡᠢ ᠬᠦᠳᠦᠯᠦᠨ ᠵᠢᠯᠣᠭᠤᠳᠴᠤ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ᠃
     ᠤᠬᠠᠭᠤᠯᠤᠨ ᠲᠠᠶᠢᠯᠪᠤᠷᠢᠯᠠᠬᠤ ᠳᠠᠭᠠᠨ 《 ᠶᠡᠷᠦᠩᠬᠡᠢ ᠱᠦᠵᠢ ᠰᠢ ᠶᠢᠨ ᠫᠢᠩ ᠤᠨ 〈 7.1 〉᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ 》᠎ ᠪᠠᠷ ᠰᠡᠳᠦᠪ ᠪᠣᠯᠭᠠᠵᠤ᠂ ᠬᠤᠳᠠ ᠎ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠥᠮᠦᠰ 《 ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠠᠭᠤᠤ ᠶᠡᠭᠡ ᠠᠮᠵᠢᠯᠲᠠ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ᠂ ᠶᠢᠰᠦᠨ 〈 ᠡᠷᠬᠡᠪᠰᠢ 〉᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ᠂ ᠡᠬᠡ ᠤᠯᠤᠰ ᠤᠨ ᠪᠦᠷᠢᠨ ᠨᠢᠭᠡᠳᠦᠯ᠂ ᠵᠠᠯᠠᠭᠤᠴᠤᠳ᠂ ᠰᠢᠨ᠎ᠡ ᠰᠢᠯᠭᠠᠯᠲᠠ ᠶᠢᠨ ᠵᠠᠮ 》 ᠵᠡᠷᠭᠡ ᠨᠠᠢᠮᠠᠨ ᠵᠠᠩᠭᠢᠯᠠᠭ᠎ᠠ ᠶᠢᠨ ᠦᠭᠡᠰ ᠠᠴᠠ ᠰᠢᠨ᠎ᠡ ᠠᠶᠠᠨ ᠳᠤ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠦᠨᠳᠦᠰᠦᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ 《 7.1 》᠎ ᠤ ᠴᠢᠬᠤᠯᠠ ᠶᠠᠷᠢᠶᠠᠨ ᠳᠤ ᠳᠤᠷᠠᠳᠤᠭᠰᠠᠨ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠰᠢᠰᠲᠧᠮ ᠎ ᠲᠠᠢ ᠲᠠᠶᠢᠯᠪᠤᠷᠢᠯᠠᠪᠠ᠃      ᠤᠯᠠᠨ ᠢᠶᠠᠷ ᠢᠶᠠᠨ᠂ ᠤᠬᠠᠭᠤᠯᠤᠨ ᠲᠠᠶᠢᠯᠪᠤᠷᠢᠯᠠᠬᠤ ᠤᠨᠤᠯ ᠢ ᠪᠣᠳᠠᠲᠠᠢ ᠲᠠᠢ ᠤᠶᠠᠯᠳᠤᠭᠤᠯᠵᠤ᠂ ᠠᠭᠤᠯᠭ᠎ᠠ ᠎ ᠨᠢ ᠡᠯᠪᠡᠭ ᠪᠠᠶᠠᠯᠢᠭ ᠨᠠᠷᠢᠨ ᠪᠣᠳᠠᠲᠠᠢ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠡᠭᠦᠷᠭᠡ ᠬᠠᠷᠢᠭᠤᠴᠠᠯᠭ᠎ᠠ ᠬᠦᠨᠳᠦ ᠪᠠᠶᠢᠬᠤ ᠶᠢ ᠭᠦᠨᠵᠡᠭᠡᠢ ᠮᠡᠳᠡᠷᠡᠵᠦ ᠪᠠᠶᠢᠨ᠎ᠠ ᠭᠡᠵᠦ ᠢᠯᠡᠳᠬᠡᠵᠡᠭᠡᠪᠡ᠃ ᠬᠤᠶᠢᠰᠢᠳᠠ ᠶᠢᠨ ᠠᠵᠢᠯ ᠳᠤᠮᠳᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠠᠳ ᠤᠨ ᠲᠥᠯᠥᠭᠡ ᠭᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ 《 7.1 》᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠤᠬᠠᠢ ᠣᠶᠢᠯᠠᠭᠠᠯᠲᠠ ᠡᠵᠡᠮᠰᠢᠯ ᠢᠶᠠᠨ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠎ ᠢᠶᠠᠨ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ᠂ ᠰᠢᠨ᠎ᠡ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号