ᠹᠧᠩ ᠬᠤᠸᠠᠩ ᠯᠢᠩ ᠵᠡᠭᠡᠯᠢ ᠭᠤᠳᠤᠮᠵᠢ ᠶᠡᠷᠦᠩᠬᠡᠶ ᠱᠦᠵᠢ ᠰᠢ ᠶᠢᠨ ᠫᠢᠩ ᠤᠨ 《 ᠲᠤᠯᠤᠭᠠᠨ ᠰᠠᠷ᠎ᠠ ᠎ ᠶᠢᠨ ᠨᠢᠭᠡᠨ 》᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠥᠷᠨᠢᠭᠦᠯᠪᠡ
ᠨᠡᠶᠢᠲᠡᠯᠡᠭᠰᠡᠨ ᠴᠠᠭ᠄
2021/8/2
   7 ᠰᠠᠷ᠎ᠠ ᠶᠢᠨ 30᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠡᠷᠦᠩᠬᠡᠶ ᠱᠦᠵᠢ ᠰᠢ ᠶᠢᠨ ᠫᠢᠩ ᠎ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢ ᠥᠷᠨᠢᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠯᠢ ᠴᠢᠶᠠᠨ ᠬᠤᠷᠠᠯ ᠢ ᠡᠷᠭᠢᠯᠡᠪᠡ᠃
     ᠨᠣᠮ ᠤᠩᠰᠢᠬᠤ ᠠᠩᠬᠢ ᠳᠤ᠂ ᠪᠦᠬᠦ ᠨᠠᠮ ᠤᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ 《 7.1 》᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠷᠪᠠᠳᠤᠭᠠᠷ ᠲᠠᠯᠠᠪᠠᠢ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠰᠣᠨᠢᠷᠬᠠᠵᠤ᠂ ᠶᠡᠷᠦᠩᠬᠡᠢ ᠱᠦᠵᠢ ᠎ ᠶᠢᠨ ᠶᠠᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠭᠦᠨ ᠰᠡᠳᠬᠢᠯᠭᠡ ᠲᠠᠢ ᠪᠠᠷ ᠪᠠᠷᠠᠯᠠᠵᠤ᠂ ᠠᠯᠳᠠᠨ ᠥᠭᠦᠯᠡᠪᠦᠷᠢ ᠤᠯᠠᠨ ᠢᠯᠡᠷᠡᠵᠦ᠂ ᠬᠥᠮᠦᠰ ᠤᠨ ᠤᠷᠮ᠎ᠠ ᠵᠣᠷᠢᠭ ᠢ ᠬᠥᠭᠵᠢᠭᠡᠵᠦ᠂ ᠲᠡᠮᠡᠴᠡᠯ ᠤᠨ ᠵᠣᠷᠢᠭ ᠢ ᠬᠥᠪᠴᠢᠯᠡᠵᠦ᠂ ᠴᠠᠭ ᠦᠶ᠎ᠡ ᠶᠢ ᠭᠡᠷᠡᠴᠢᠯᠡᠬᠦ ᠬᠠᠮᠤᠭ ᠤᠨ ᠴᠢᠩᠭ᠎ᠠ ᠲᠠᠭᠤᠨ ᠪᠣᠯᠪᠠ᠃ ᠶᠠᠷᠢᠶ᠎ᠠ ᠶᠢ ᠰᠤᠷᠤᠯᠴᠠᠵᠤ ᠪᠠᠷᠠᠭᠰᠠᠨ ᠤ ᠳᠠᠷᠠᠭ᠎ᠠ᠂ ᠨᠠᠮ ᠤᠨ ᠭᠡᠰᠢᠭᠦᠳ ᠢᠳᠡᠪᠬᠢᠲᠡᠶ ᠎ ᠪᠠᠷ ᠶᠠᠷᠢᠶ᠎ᠠ ᠲᠠᠯᠪᠢᠵᠤ᠂ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃      ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢᠨ ᠪᠦᠬᠦ ᠬᠤᠳᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠎ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠬᠢ ᠶᠢᠨ ᠲᠡᠭᠦᠰᠬᠦ ᠶᠣᠰᠣᠯᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠤᠨ 《 7.1 》᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠎ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠤᠨ ᠭᠤᠷᠪᠠᠳᠤᠭᠠᠷ ᠳᠠᠯᠠᠪᠠᠢ ᠶᠢ ᠲᠥᠪᠯᠡᠷᠡᠭᠦᠯᠦᠨ ᠦᠵᠡᠪᠡ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠯᠢᠦᠶ ᠬᠠᠶ ᡁᠢ ᠴᠢᠬᠤᠯᠠᠴᠢᠯᠠᠭᠰᠠᠨ ᠎ ᠨᠢ᠂ ᠪᠥᠬᠦ ᠨᠠᠮ ᠤᠨ ᠭᠡᠰᠢᠭᠦᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠣᠨᠣᠯ ᠤᠨ ᠬᠢᠴᠢᠶᠡᠯ ᠤᠨ ᠲᠠᠩᠬᠢᠮ ᠤᠨ ᠵᠠᠪᠠᠯ ᠰᠤᠷᠬᠤ ᠬᠢᠴᠢᠶᠡᠯ ᠪᠣᠯᠭᠠᠵᠤ᠂ ᠰᠤᠷᠤᠯᠴᠠᠨ ᠪᠣᠳᠠᠲᠠᠶᠢᠵᠢᠭᠤᠯᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃      ᠨᠣᠮ ᠤᠩᠰᠢᠬᠤ ᠠᠩᠭᠢ ᠪᠠᠰᠠ ᠸᠢᠳᠢᠣ᠋ ᠪᠠᠷ 《 ᠬᠤᠪᠢᠰᠬᠠᠯᠲᠤ ᠭᠡᠷ ᠤᠨ ᠨᠣᠮ 》 ᠦᠵᠡᠵᠦ ᠢᠷᠠᠭᠤ ᠠᠯᠳᠠᠷᠲᠤ ᠡᠪ ᠬᠠᠮᠲᠤ ᠨᠠᠮ ᠤᠨ ᠭᠡᠰᠢᠭᠦᠨ ᠤ ᠴᠣᠯᠠ ᠪᠠᠨ ᠬᠥᠰᠡᠷᠳᠡᠭᠦᠯᠵᠦ ᠪᠣᠯᠬᠤ ᠦᠭᠡᠢ᠃ ᠯᠢ ᠴᠢᠶᠠᠨ ᠨᠥᠬᠦᠷ ᠭᠡᠷ ᠤᠨ ᠨᠣᠮ ᠤᠨ ᠠᠷᠤ ᠳᠠᠬᠢ ᠦᠯᠢᠬᠡᠷ ᠢ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠡᠪ ᠬᠠᠮᠲᠤ ᠨᠠᠮ ᠤᠨ ᠭᠡᠰᠢᠭᠦᠨ ᠤ ᠵᠣᠷᠢᠭ ᠰᠠᠨᠠᠭᠠᠨ ᠤ ᠴᠠᠳᠢᠭ ᠢᠶᠠᠷ ᠵᠣᠷᠢᠯᠲᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠠᠮ ᠤᠨ ᠭᠡᠰᠢᠭᠦᠨ ᠤ ᠤᠶᠤᠨ ᠰᠠᠨᠠᠭᠠᠨ ᠤ ᠶᠢᠷᠲᠢᠨᠴᠦ ᠶᠢ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠨᠣᠮ ᠤᠩᠰᠢᠬᠤ ᠠᠩᠭᠢ ᠶᠢᠨ ᠰᠢᠰᠲ᠋ᠧᠮ ᠤᠨ ᠰᠤᠷᠤᠯᠴᠠᠯᠭ᠎ᠠ ᠪᠠᠷ ᠳᠠᠮᠵᠢᠭᠤᠯᠤᠨ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠪᠥᠬᠦ ᠨᠠᠮ ᠤᠨ ᠭᠡᠰᠢᠭᠦᠳ ᠬᠦᠰᠡᠯᠡᠩ ᠢᠲᠡᠭᠡᠯ ᠵᠣᠷᠢᠭ ᠢᠶᠠᠨ ᠨᠠᠩ ᠪᠠᠲᠤᠳᠬᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠴᠢᠬᠤᠯᠠ ᠦᠵᠡᠯ ᠰᠠᠨᠠᠭ᠎ᠠ ᠪᠠ ᠰᠠᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠤᠬᠠᠭᠤᠯᠵᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠵᠦ᠂ ᠵᠡᠭᠡᠯᠢ ᠭᠤᠳᠤᠮᠵᠢ ᠶᠢᠨ ᠡᠯ᠎ᠡ ᠵᠦᠶᠯ ᠤᠨ ᠠᠵᠢᠯ ᠢ ᠪᠣᠳᠠᠲᠠᠶ ᠎ ᠳᠤ ᠨᠠᠶᠢᠳᠠᠪᠤᠷᠢᠵᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号